ᠦᠨᠡᠨᠴᠢ ᠢᠲᠡᠭᠡᠮᠵᠢᠲᠡᠢ ᠪᠠᠷ ᠳᠦᠷᠢ ᠲᠥᠷᠬᠦ ᠪᠠᠨ ᠱᠤᠭᠤᠵᠤ ᠪᠣᠳᠠᠲᠠᠢ‌ᠠᠵᠢᠯᠯᠠᠭᠠᠨ ᠢᠶᠠᠷ ᠰᠢᠨ᠎ᠡ ᠪᠠᠶᠢᠳᠠᠯ ᠢ  ᠨᠡᠭᠡᠭᠡᠬᠦ\ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠨᠧᠷᠭᠢ ᠣᠯᠭᠤᠬᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ
ᠨᠡᠶᠢᠲᠡᠯᠡᠭᠰᠡᠨ ᠴᠠᠭ᠄
2024/7/31

    ᠬᠥᠮᠥᠨ ᠢᠲᠡᠭᠡᠯ ᠦᠭᠡᠢ ᠪᠣᠯ ᠪᠦᠲᠦᠬᠦ ᠦᠭᠡᠢ᠂ ᠠᠵᠢᠯ ᠦᠢᠯᠡᠰ ᠢᠲᠡᠭᠡᠮᠵᠢ ᠦᠭᠡᠢ ᠪᠣᠯ ᠬᠥᠭᠵᠢᠬᠦ ᠦᠭᠡᠢ᠃

ᠪᠣᠯᠪᠠᠰᠤᠨ ᠦᠨᠡᠨᠴᠢ ᠢᠲᠡᠭᠡᠮᠵᠢ ᠪᠣᠯ ᠨᠢᠭᠡ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠦᠵᠡᠰᠬᠦᠯᠡᠩᠲᠦ

ᠰᠠᠶᠢᠬᠠᠨ ᠨᠡᠷ᠎ᠡ ᠶᠢᠨ ᠬᠠᠭᠤᠳᠠᠰᠤ ᠮᠥᠨ᠂ ᠪᠠᠰᠠ ᠴᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ

ᠬᠥᠭᠵᠢᠬᠦ ᠶᠢᠨ ᠰᠠᠭᠤᠷᠢ ᠮᠥᠨ᠂ ᠣᠶᠢᠷ᠎ᠠ ᠶᠢᠨ ᠵᠢᠯ ᠠᠴᠠ ᠨᠠᠰᠢ ᠤᠯᠠᠭᠠᠢ ᠬᠠᠮᠢᠶᠠᠷᠤᠯᠲᠠ ᠶᠢᠨ ᠣᠷᠣᠨ ᠣᠯᠠᠨ ᠠᠷᠭ᠎ᠠ

ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠢᠭᠤᠯᠴᠢᠯᠠᠯ ᠤᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ

ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ

ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠵᠢᠭᠤᠯᠴᠢᠯᠠᠭᠴᠢᠳ ᠲᠤ ᠠᠮᠤᠷ ᠲᠦᠪᠰᠢᠨ᠂ ᠡᠷᠡᠭᠦᠯ᠂ ᠪᠣᠯᠪᠠᠰᠤᠨ᠂

ᠡᠮᠬᠢ ᠵᠢᠷᠤᠮ ᠲᠠᠢ ᠵᠢᠭᠤᠯᠴᠢᠯᠠᠯ ᠤᠨ ᠪᠡᠶᠡᠴᠢ ᠣᠶᠢᠯᠠᠭᠠᠯᠲᠠ ᠬᠠᠩᠭᠠᠪᠠ᠃2024 ᠣᠨ ᠤ 1 ᠰᠠᠷ᠎ᠠ ᠶᠢᠨ 7

ᠰᠠᠷ᠎ᠠ ᠳᠤ᠂ ᠨᠢᠭᠡᠨᠲᠡ 56 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ ᠵᠤᠭᠠᠴᠠᠭᠰᠠᠳ ᠤᠨ

ᠬᠠᠨᠤᠮᠵᠢ ᠶᠢᠨ ᠬᠡᠮᠵᠢᠶ᠎ᠡ 99% ᠠᠴᠠ ᠳᠡᠭᠡᠭᠰᠢ ᠳᠤ ᠬᠦᠷᠴᠡᠢ᠃

    ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠡᠭᠡᠳᠦ

ᠬᠡᠮᠵᠢᠶ᠎ᠡ ᠪᠠᠷ ᠴᠢᠬᠤᠯᠠᠴᠢᠯᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠯ ᠠᠯᠳᠠᠭᠰᠠᠳ ᠢ ᠵᠠᠯᠬᠠᠭᠠᠨ

ᠴᠡᠭᠡᠷᠯᠡᠭᠦᠯᠬᠦ ᠳᠦᠷᠢᠮ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠮᠡᠳᠡᠭᠡ ᠵᠠᠩᠭᠢ ᠶᠢ

ᠬᠥᠳᠡᠯᠦᠩᠭᠦᠢ ᠪᠠᠷ ᠶᠡᠷᠦᠩᠬᠡᠶᠢᠯᠡᠨ ᠦᠨᠡᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠵᠢᠭᠤᠯᠴᠢᠯᠠᠯ ᠤᠨ

ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠬᠢᠨᠠᠨ ᠬᠠᠮᠢᠶᠠᠷᠴᠤ᠂ ᠪᠥᠬᠦ

ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ

ᠲᠠᠪᠴᠠᠩ ᠢ ᠠᠰᠢᠭᠯᠠᠨ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠠᠷᠢᠯᠴᠠᠨ ᠬᠤᠯᠪᠣᠭᠠᠯᠠᠵᠤ

ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠨᠢᠭᠤᠨ ᠳᠠᠯᠳᠠᠯᠠᠬᠤ

ᠠᠵᠢᠯᠯᠠᠭ᠎ᠠ  ᠪᠣᠯᠭᠠᠨ᠎ᠠ᠃ ᠵᠢᠭᠤᠯᠴᠢᠯᠠᠯ ᠤᠨ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡᠨ ᠤ

ᠠᠮᠠᠯᠠᠯᠲᠠ ᠪᠠ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠵᠣᠷᠢᠭᠵᠢᠭᠤᠯᠵᠤ᠂ ᠨᠡᠶᠢᠲᠡ 21 ᠵᠤᠷᠪᠤᠰ

ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠬᠦ ᠶᠢᠨ ᠬᠠᠮᠲᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨᠡᠨᠴᠢ

ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾ ᠶᠢᠨ ᠳᠦᠷᠢᠮ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ

ᠨᠡᠶᠢᠲᠡᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠬᠥᠬᠢᠭᠦᠯᠦᠨ

ᠰᠠᠶᠢᠰᠢᠶᠠᠬᠤ ᠪᠠᠷ ᠪᠠᠷᠠᠬᠤ ᠦᠭᠡᠢ ᠪᠠᠰᠠ ᠢᠲᠡᠭᠡᠯ ᠠᠯᠳᠠᠭᠰᠠᠳ ᠢ ᠰᠡᠷᠡᠮᠵᠢᠯᠡᠭᠦᠯᠵᠦ᠂ ᠵᠢᠭᠤᠯᠴᠢᠯᠠᠯ ᠤᠨ ᠵᠠᠬ᠎ᠠ

ᠳᠡᠯᠭᠡᠭᠦᠷ ᠤᠨ ᠡᠵᠡᠩᠨᠡᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢᠲᠡᠢ ᠡᠵᠡᠩᠨᠡᠯᠲᠡ ᠬᠢᠯᠭᠡᠨ᠎ᠡ᠃

ᠣᠲᠣ ᠪᠣᠯᠲᠠᠯ᠎ᠠ᠂ ᠬᠠᠮᠢᠶᠠᠷᠤᠯᠲᠠ ᠶᠢᠨ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ

ᠴᠣᠭᠴᠠ 2 ︽ᠤᠯᠠᠭᠠᠨ ᠨᠡᠷᠡᠰ︾ ᠲᠤ  ᠵᠢᠭᠰᠠᠭᠠᠭᠳᠠᠵᠤ᠂  ︽ᠬᠠᠷ᠎ᠠ ᠳᠠᠩᠰᠠ︾ 0 ᠪᠣᠯᠪᠠ᠃

    ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠡᠯ᠎ᠡ ᠲᠥᠷᠥᠯ ᠤᠨ

ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠪᠦᠬᠦ ᠲᠠᠯ᠎ᠠ ᠪᠠᠷ ᠪᠠᠶᠢᠴᠠᠭᠠᠵᠤ᠂ ᠬᠠᠤᠯᠢ

ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ

ᠵᠠᠯᠠᠷᠠᠭᠤᠯᠬᠤ  ᠬᠡᠷᠡᠭᠲᠡᠢ᠃ ᠣᠳᠣᠬᠠᠨ ᠳᠤ᠂ ᠣᠯᠠᠨ ᠰᠠᠯᠠᠭ᠎ᠠ ᠮᠥᠴᠢᠷ 47 ᠬᠠᠤᠯᠢ ᠬᠡᠷᠡᠭᠵᠢᠭᠦᠯᠦᠯᠲᠡ ᠶᠢᠨ

ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠢ 305 ᠬᠥᠮᠥᠨ ᠤᠳᠠᠭ᠎ᠠ ᠬᠥᠳᠡᠯᠭᠡᠪᠡ︔ᠲᠠᠩ ᠭᠠᠭᠴᠠ

ᠰᠠᠯᠠᠭ᠎ᠠ ᠮᠥᠴᠢᠷ ᠤᠳ ᠰᠣᠶᠣᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ 182 ᠤᠳᠠᠭ᠎ᠠ᠂ ᠵᠢᠭᠤᠯᠴᠢᠯᠠᠯ ᠤᠨ ᠵᠠᠬ᠎ᠠ

ᠳᠡᠯᠭᠡᠭᠦᠷ ᠤᠨ ᠡᠵᠡᠩᠨᠡᠯᠲᠡ ᠶᠢᠨ ᠲᠠᠯᠠᠪᠤᠷ ᠭᠠᠵᠠᠷ ᠢ 37 ᠤᠳᠠᠭ᠎ᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ

ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠠᠯᠠᠪᠤᠷ ᠭᠠᠵᠠᠷ ᠢ 23 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ

ᠠᠵᠢᠯᠲᠠᠨ ᠢ 765 ᠬᠥᠮᠥᠨ ᠤᠳᠠᠭ᠎ᠠ ᠬᠥᠳᠡᠯᠭᠡᠵᠦ᠂ ︽ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠠᠴᠠ

ᠡᠮᠦᠨᠡᠬᠢ ᠬᠠᠮᠢᠶ᠎ᠠ ᠪᠦᠬᠦᠢ ᠵᠦᠢᠯᠡᠰ ᠢ ᠮᠡᠳᠡᠭᠳᠡᠬᠦ ᠪᠢᠴᠢᠭ︾ ᠢ 9 ᠬᠤᠪᠢ ᠪᠠᠭᠤᠯᠭᠠᠪᠠ᠃ 12345 ᠠᠷᠠᠳ ᠤᠨ

ᠲᠥᠯᠥᠭᠡ ᠬᠠᠯᠠᠮᠰᠢᠯ ᠤᠲᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠤᠭᠠᠴᠠᠭᠰᠠᠳ ᠤᠨ ᠵᠠᠭᠠᠯᠳᠤᠯᠭ᠎ᠠ ᠶᠢ

ᠲᠦᠷᠭᠡᠨ ᠴᠤᠤᠷᠢᠶᠠᠲᠤᠨ ᠳᠠᠭᠠᠵᠤ᠂ ᠨᠡᠶᠢᠳᠡ 21 ᠬᠤᠪᠢ ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢᠨ ᠠᠵᠢᠯ ᠤᠨ

ᠬᠠᠭᠤᠳᠠᠰᠤ ᠶᠢ ᠭᠦᠢᠴᠡᠳᠬᠡᠬᠦ ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠵᠤ᠂ 2 ᠬᠤᠪᠢ ᠵᠢᠭᠤᠯᠴᠢᠯᠠᠯ ᠤᠨ

ᠵᠠᠭᠠᠯᠳᠤᠯᠭ᠎ᠠ ᠶᠢ ᠡᠶᠡᠳᠡᠭᠦᠯᠦᠨ ᠰᠢᠢᠳᠪᠦᠷᠢᠯᠡᠵᠦ᠂ ᠵᠤᠭᠠᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ

ᠪᠦᠲᠦᠮᠵᠢᠲᠡᠢ ᠬᠠᠮᠠᠭᠠᠯᠠᠪᠠ᠃ ᠨᠡᠶᠢᠭᠡᠮᠯᠢᠭ‌ᠠᠵᠤ ᠠᠬᠤᠶᠢᠯᠠᠯ᠂ ᠵᠢᠭᠤᠯᠴᠢᠯᠠᠭᠴᠢᠳ ᠵᠢᠴᠢ ᠨᠡᠶᠢᠭᠡᠮ ᠤᠨ ᠵᠠᠭᠤᠴᠢᠯᠠᠭᠤᠷ

ᠵᠡᠷᠭᠡ ᠣᠯᠠᠨ ᠲᠠᠯ᠎ᠠ ᠶᠢᠨ ᠬᠦᠴᠦᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠪᠠ ᠬᠠᠮᠢᠶᠠᠷᠤᠯᠲᠠ ᠳᠤ

ᠬᠠᠮᠲᠤᠪᠠᠷ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠳᠠᠶᠠᠭᠠᠷ ᠬᠠᠮᠲᠤᠪᠠᠷ ᠠᠩᠬᠠᠷᠴᠤ᠂ᠬᠠᠮᠲᠤᠪᠠᠷ ᠣᠷᠣᠯᠴᠠᠭᠰᠠᠨ

ᠦᠨᠡᠨᠴᠢ ᠢᠲᠡᠭᠡᠮᠵᠢᠲᠡᠢ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠪᠠᠶᠢᠳᠠᠯ ᠢ ᠪᠣᠶ

ᠪᠣᠯᠭᠠᠬᠤ ᠬᠡᠷᠡᠭᠲᠡᠢ᠃

    ᠰᠣᠶᠣᠯ ᠵᠢᠭᠤᠯᠴᠢᠯᠠᠯ ᠤᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠵᠢᠭᠤᠯᠴᠢᠯᠠᠯ ᠤᠨ

ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ LED ᠡᠯᠧᠺᠲᠷᠣᠨ

ᠳᠡᠯᠭᠡᠴᠡ ᠪᠠ ᠤᠬᠠᠭᠤᠯᠭ᠎ᠠ ᠶᠢᠨ ᠰᠠᠮᠪᠠᠷ᠎ᠠ ᠶᠢᠨ ᠦᠵᠡᠭᠦᠯᠦᠯᠭᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ

ᠳᠠᠮᠵᠢᠭᠤᠯᠤᠨ ᠦᠨᠡᠨᠴᠢ ᠢᠲᠡᠭᠡᠮᠵᠢᠲᠡᠢ ᠵᠢᠭᠤᠯᠴᠢᠯᠠᠯ ᠤᠨ ᠣᠨᠣᠯᠵᠢᠬᠤᠨ ᠢ ᠤᠯᠠᠮᠵᠢᠯᠠᠵᠤ᠂ ᠦᠨᠡᠨᠴᠢ ᠢᠲᠡᠭᠡᠮᠵᠢᠲᠡᠢ

ᠵᠢᠭᠤᠯᠴᠢᠯᠠᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠨᠡ ᠵᠢᠯ ᠠᠴᠠ ᠨᠠᠰᠢ᠂ ᠬᠠᠮᠢᠶᠠᠷᠤᠯᠲᠠ ᠶᠢᠨ

ᠣᠷᠣᠨ ᠤᠷᠢᠳ ᠬᠤᠵᠢᠳ ᠪᠡᠭᠡᠵᠢᠩ᠂ ᠱᠠᠩᠬᠠᠢ᠂ ᠴᠢᠭᠤᠯᠤᠯᠲᠤ  ᠬᠠᠭᠠᠯᠭ᠎ᠠ᠂ ᠵᠢᠨᠠᠨ᠂ ᠬᠦᠬᠡᠬᠤᠳᠠ ᠵᠡᠷᠭᠡ ᠭᠠᠵᠠᠷ ᠲᠤ

ᠬᠦᠷᠴᠦ 21 ᠲᠠᠯᠠᠪᠠᠢ ᠤᠳᠠᠭ᠎ᠠ ᠲᠠᠨᠢᠯᠴᠠᠭᠤᠯᠵᠤ᠂280 ᠠᠵᠤ ᠠᠬᠤᠶᠢᠯᠠᠯ ᠲᠠᠢ ᠭᠡᠷ᠎ᠡ ᠲᠣᠭᠲᠠᠵᠤ᠂

ᠤᠬᠠᠭᠤᠯᠭ᠎ᠠ ᠶᠢᠨ ᠮᠠᠲ᠋ᠧᠷᠢᠶᠠᠯ 2200 ᠭᠠᠷᠤᠢ ᠬᠤᠪᠢ ᠲᠠᠷᠬᠠᠭᠠᠵᠤ᠂ ᠤᠬᠠᠭᠤᠯᠭ᠎ᠠ ᠶᠢᠨ ᠪᠣᠳᠠᠰ 500 ᠭᠠᠷᠤᠢ

ᠬᠤᠪᠢ ᠲᠠᠷᠬᠠᠭᠠᠵᠤ᠂ ᠤᠯᠠᠭᠠᠨᠲᠤᠶᠠᠭ᠎ᠠ︽ᠴᠡᠴᠡᠭ ᠳᠡᠯᠭᠡᠷᠡᠬᠦ ᠳᠥᠷᠪᠡᠨ ᠤᠯᠠᠷᠢᠯ︾ ᠤᠨ ᠲᠣᠭᠯᠠᠯᠲᠠ ᠶᠢ ᠠᠰᠢᠭᠯᠠ

ᠤᠯᠠᠭᠠᠢ  ᠶᠢ ᠤᠬᠠᠭᠤᠯᠤᠨ ᠲᠠᠨᠢᠯᠴᠠᠭᠤᠯᠵᠤ᠂ ᠺᠣᠳ᠋ ᠰᠢᠷᠪᠢᠵᠦ ᠳᠠᠮᠵᠢᠭᠤᠯᠤᠨ ᠲᠠᠷᠬᠠᠭᠠᠬᠤ᠂ ᠰᠣᠶᠣᠯ ᠵᠢᠭᠤᠯᠴᠢᠯᠠᠯ ᠤᠨ

︽ᠲᠣᠮᠣ ᠪᠡᠯᠡᠭ︾ ᠤᠨ  ᠠᠵᠢᠯᠯᠠᠭ᠎ᠠ  ᠥᠷᠨᠢᠭᠦᠯᠪᠡ᠃ᠲᠦᠮᠡᠨ ᠡᠭᠦᠳᠡᠨ ᠪᠢᠯᠧᠲ ᠢ ᠰᠦᠢᠳᠬᠡᠯ ᠬᠤᠷᠢᠶᠠᠬᠤ ᠦᠭᠡᠢ ᠪᠠᠷ

ᠬᠦᠷᠭᠡᠬᠦ ᠠᠵᠢᠯᠯᠠᠭ᠎ᠠ ᠶᠢ ᠥᠷᠨᠢᠭᠦᠯᠵᠦ᠂ ᠡᠯ᠎ᠡ ᠲᠣᠮᠣ ᠦᠵᠡᠮᠵᠢ ᠶᠢᠨ ᠣᠷᠣᠨ ᠳᠤ ᠵᠠᠭᠤᠨ ᠤ ᠵᠠᠭᠤ ᠪᠠᠷ ᠪᠡᠶᠡᠯᠡᠭᠦᠯᠬᠦ

ᠵᠠᠷᠴᠢᠮ ᠢ ᠪᠠᠷᠢᠮᠲᠠᠯᠠᠨ᠂ ᠦᠨᠡᠨᠴᠢ ᠢᠲᠡᠭᠡᠮᠵᠢᠲᠡᠢ ᠦᠢᠯᠡᠴᠢᠯᠡᠭᠡᠨ ᠤ ᠶᠠᠰᠤ ᠴᠢᠨᠠᠷ ᠢ ᠢᠯᠡᠷᠡᠭᠦᠯᠪᠡ᠃ ᠡᠭᠦᠨ ᠤ ᠬᠠᠮᠲᠤ᠂

ᠲᠦᠮᠡᠨ ᠵᠤᠷᠪᠤᠰ ᠸᠢᠳᠢᠤ᠋ ᠦᠵᠡᠭᠦᠯᠦᠯᠭᠡ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠨ

ᠰᠦᠯᠵᠢᠶ᠎ᠡ᠂ ᠰᠢᠨᠬᠤᠸᠠ ᠰᠦᠯᠵᠢᠶ᠎ᠡ᠂ ᠲᠥᠪ ᠤᠨ ᠸᠢᠳᠢᠤ᠋ ᠵᠢᠴᠢ ︽ᠪᠢᠴᠢᠯ ᠪᠦᠷᠭᠡ‌‍ᠲ᠋ᠢᠺ ᠲᠤᠺ ᠬᠤᠷᠳᠤᠨ ᠭᠠᠷ︾

ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠨᠡᠶᠢᠲᠡ 5000 ᠭᠠᠷᠤᠢ ᠵᠤᠷᠪᠤᠰ ᠤᠳᠠᠭ᠎ᠠ

ᠬᠠᠷᠠᠭᠠᠨ ᠳᠠᠪᠲᠠᠮᠵᠢ ᠬᠦᠷᠭᠡᠵᠦ᠂ ᠳᠠᠷᠤᠯᠲᠠ ᠶᠢᠨ ᠬᠡᠮᠵᠢᠶ᠎ᠡ ᠨᠢ 2 ᠮᠢᠩᠭᠠᠨ ᠲᠦᠮᠡ ᠶᠢ ᠳᠠᠪᠠᠪᠠ᠃ ᠰᠦᠯᠵᠢᠶᠡᠨ

ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠤᠨ ᠲᠠᠪᠴᠠᠩ ᠤᠨ ᠦᠢᠯᠡᠳᠦᠯ ᠢ ᠪᠦᠲᠦᠮᠵᠢᠲᠡᠶ

ᠪᠠᠳᠠᠷᠠᠭᠤᠯᠵᠤ᠂ ᠡᠯ᠎ᠡ  ᠪᠠᠯᠭᠠᠰᠤ ᠲᠠᠯᠠᠪᠠᠶ᠂ ᠦᠵᠡᠮᠵᠢ ᠶᠢᠨ ᠣᠷᠣᠨ᠂ ᠵᠢᠭᠤᠯᠴᠢᠯᠠᠯ ᠤᠨ ᠭᠠᠵᠠᠷ ᠵᠢᠴᠢ

ᠬᠠᠮᠢᠶᠠᠷᠤᠯᠲᠠ ᠶᠢᠨ ᠣᠷᠣᠨ ᠤ ᠵᠢᠭᠤᠯᠴᠢᠯᠠᠯ ᠳᠤ ᠬᠤᠯᠪᠣᠭᠳᠠᠭᠰᠠᠨ ᠠᠵᠤ ᠠᠬᠤᠶᠢᠯᠠᠯ ᠤᠨ ᠠᠵᠢᠯᠲᠠᠨ ᠢ

ᠢᠳᠡᠪᠬᠢᠲᠡᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠭᠤᠯᠵᠤ᠂ ᠨᠡᠶᠢᠲᠡ 100

ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯ ᠡᠷᠬᠢᠯᠡᠭᠰᠡᠳ ᠤᠨ

ᠪᠦᠬᠦᠯᠢ ᠴᠣᠭᠴᠠ ᠶᠢᠨ ᠬᠡᠪ ᠴᠢᠨᠠᠷ ᠪᠠ ᠦᠨᠡᠨᠴᠢ ᠢᠲᠡᠭᠡᠮᠵᠢ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃

    ᠲᠠᠷᠠᠭᠠᠴᠢ ᠶᠢᠨ ᠠᠯᠬᠤᠮ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠰᠣᠶᠣᠯ ᠵᠢᠭᠤᠯᠴᠢᠯᠠᠯ ᠤᠨ ᠦᠨᠡᠨᠴᠢ

ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠪᠠ ᠵᠢᠯᠣᠭᠤᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ

ᠠᠵᠢᠯ ᠲᠥᠷᠥᠯ ᠤᠨ ᠨᠡᠶᠢᠭᠡᠮᠯᠢᠭ ᠪᠣᠯᠣᠨ ᠥᠷᠭᠡᠨ ᠣᠯᠠᠨ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠦᠨᠡᠨᠴᠢ

ᠢᠲᠡᠭᠡᠮᠵᠢ ᠶᠢᠨ ᠤᠬᠠᠮᠰᠠᠷ ᠢ ᠪᠠᠲᠤ ᠪᠣᠶ ᠪᠣᠯᠭᠠᠬᠤ ᠶᠢ ᠰᠠᠨᠠᠭᠠᠴᠢᠯᠠᠵᠤ᠂ ᠪᠣᠯᠪᠠᠰᠤᠨ ᠵᠢᠭᠤᠯᠴᠢᠯᠠᠯ᠂ ᠦᠨᠡᠨᠴᠢ

ᠢᠲᠡᠭᠡᠮᠵᠢᠲᠡᠢ ᠡᠵᠡᠩᠨᠡᠯᠲᠡ ᠪᠠᠷ ᠰᠣᠶᠣᠯ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ

ᠨᠡᠮᠡᠭᠳᠡᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢᠨ

ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号