ᠡᠬᠡ ᠤᠯᠤᠰ ᠤᠨ ᠠᠰ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ᠃ 6 ᠰᠠᠷ᠎ᠠ ᠶᠢᠨ | 30 ᠤ ᠡᠳᠦᠷ᠂ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠬᠥᠭᠵᠢᠯᠲᠡ ᠶᠢᠨ ᠶᠡᠭᠡ ᠬᠤᠷᠠᠯ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ᠂ ᠬᠤᠸᠠᠷ ᠴᠡᠴᠡᠭ ᠮᠢᠷᠠᠯᠵᠠᠨ | ᠳᠡᠯᠭᠡᠷᠡᠭᠰᠡᠨ ᠴᠡᠯᠡᠭᠡᠷ ᠲᠠᠯ᠎ᠠ ᠳᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ | ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠢ ᠡᠷᠬᠢᠯᠡᠵᠠᠢ᠃ | | ᠸᠠᠩ ᠯᠢ ᠰᠢᠶᠠ᠂ ᠥᠪᠥᠷ ᠮᠣᠩᠭᠤᠯ ᠤᠨ ᠪᠠᠶᠢᠭᠠᠯᠢ ᠶᠢᠨ ᠦᠵᠡᠮᠵᠢ ᠰᠦᠷᠯᠢᠭ ᠰᠠᠶᠢᠬᠠᠨ᠂ ᠲᠡᠦᠬᠡ ᠰᠣᠶᠣᠯ | ᠥᠨᠢ ᠤᠳᠠᠭᠠᠨ᠂ ᠦᠨᠳᠦᠰᠦᠲᠡᠨ ᠤ ᠵᠠᠩ ᠦᠢᠯᠡ ᠥᠪᠡᠷᠮᠢᠴᠡ ᠪᠠᠶᠢᠳᠠᠭ᠃ ᠣᠷᠣᠨ ᠳᠠᠶᠠᠭᠠᠷ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ | ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ | ︽ᠥᠪᠡᠰᠤᠪᠡᠨ ᠲᠡᠷᠭᠡ ᠵᠢᠯᠤᠭᠤᠳᠴᠤ ᠵᠢᠭᠤᠯᠴᠢᠯᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ | ᠪᠠᠭᠤᠳᠠᠯᠯᠠᠵᠤ ᠵᠢᠭᠤᠯᠴᠢᠯᠠᠬᠤ ᠶᠢᠨ ᠰᠣᠳᠣᠨ ᠰᠣᠩᠭᠤᠯᠲᠠ ᠶᠢᠨ ᠭᠠᠵᠠᠷ᠂ ᠠᠮᠠᠷᠠᠵᠤ ᠵᠢᠭᠤᠯᠴᠢᠯᠠᠬᠤ ᠶᠢᠨ ᠵᠠᠪᠠᠯ | ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠬᠢᠵᠦ ᠵᠢᠭᠤᠯᠴᠢᠯᠠᠬᠤ ᠶᠢᠨ ᠰᠢᠯᠢᠳᠡᠭ ᠰᠣᠩᠭᠤᠯᠲᠠ ᠶᠢᠨ ᠭᠠᠵᠠᠷ︾ | ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠨᠴᠠᠯᠢᠭ ᠶᠠᠰᠤ ᠴᠢᠨᠠᠷ᠂ ᠰᠣᠶᠣᠯ ᠢ ᠪᠡᠶᠡᠴᠢᠯᠡᠨ | ᠣᠶᠢᠯᠠᠭᠠᠬᠤ᠂ ᠠᠵᠤ ᠦᠢᠯᠡᠰ ᠢ ᠨᠡᠶᠢᠳᠬᠡᠬᠦ᠂ ᠦᠢᠯᠡᠴᠢᠯᠡᠭᠡ ᠶᠢ ᠳᠡᠰ ᠳᠡᠪᠰᠢᠭᠦᠯᠬᠦ᠂ ᠭᠤᠣᠯ ᠴᠣᠭᠴᠠ ᠶᠢ | ᠪᠣᠶᠢᠵᠢᠭᠤᠯᠬᠤ᠂ ᠤᠬᠠᠭᠤᠯᠤᠨ ᠪᠣᠷᠣᠯᠠᠭᠤᠯᠬᠤ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠡᠬᠢ ᠪᠠᠶᠠᠯᠢᠭ ᠤᠨ | ᠲᠣᠮᠣ ᠣᠷᠣᠨ ᠢ ᠵᠢᠭᠤᠯᠴᠢᠯᠠᠯ ᠤᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠢ᠃ ︽ᠷᠣᠮᠠᠨᠲ᠋ᠢᠭ ᠬᠠᠪᠤᠷ︾᠂ ︽ᠰᠡᠷᠢᠭᠦᠨ ᠵᠣᠨ︾᠂ ︽ᠭᠤᠶᠢᠳᠠ ᠨᠠᠮᠤᠷ︾᠂ ︽ᠭᠠᠶᠢᠬᠠᠯᠲᠠᠢ ᠡᠪᠦᠯ︾ | ᠳᠥᠷᠪᠡᠨ ᠤᠯᠠᠷᠢᠯ ᠤᠨ ᠵᠢᠭᠤᠯᠴᠢᠯᠠᠯ ᠤᠨ ᠲᠦᠷᠤᠯ ᠲᠡᠮᠳᠡᠭ ᠢ ᠡᠭᠦᠳᠴᠦ᠂ ︽ᠢᠳᠡᠵᠦ ᠤᠤᠭᠤᠬᠤ ᠶᠠᠪᠤᠵᠤ ᠰᠠᠭᠤᠬᠤ | ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ︾ ᠵᠢᠭᠤᠯᠴᠢᠯᠠᠯ ᠤᠨ ᠪᠥᠬᠦ ᠡᠯᠧᠮᠧᠨ᠋ᠲ ᠢ ᠨᠠᠷᠢᠯᠢᠭ ᠬᠢᠵᠦ᠂ | ᠵᠢᠭᠤᠯᠴᠢᠯᠠᠭᠰᠠᠳ ᠤᠨ ᠪᠡᠶ᠎ᠡ ᠰᠡᠳᠬᠢᠯ ᠢ ᠨᠢ ᠪᠠᠶᠠᠰᠤᠩᠭᠤᠢ ᠪᠣᠯᠭᠠᠵᠤ᠂ ᠰᠡᠳᠬᠢᠯ ᠬᠤᠷᠭᠤᠳᠠᠭᠤᠯᠬᠤ ᠬᠡᠷᠡᠭᠲᠡᠢ᠃ | ︽ᠵᠢᠭᠤᠯᠴᠢᠯᠠᠯ + ᠠᠮᠢ ᠠᠬᠤᠢ︾᠂ ︽ᠵᠢᠭᠤᠯᠴᠢᠯᠠᠯ + ᠡᠷᠡᠭᠦᠯᠵᠢᠯ ᠰᠤᠪᠢᠯᠠᠯᠲᠠ︾᠂ ︽ᠵᠢᠭᠤᠯᠴᠢᠯᠠᠯ + ᠲᠠᠷᠢᠶᠠᠯᠠᠩ︾᠂ | ︽ᠵᠢᠭᠤᠯᠴᠢᠯᠠᠯ + ᠪᠡᠶ᠎ᠡ ᠶᠢᠨ ᠲᠠᠮᠢᠷ ᠤᠨ ᠲᠣᠭᠯᠠᠯᠲᠠ︾ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ | ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠦᠢᠯᠡᠴᠢᠯᠡᠭᠡᠨ ᠤ ᠬᠠᠩᠭᠠᠯᠭ᠎ᠠ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠳᠠᠭᠠᠭᠤᠯᠤᠭᠴᠢ | ᠠᠵᠤ ᠠᠬᠤᠶᠢᠯᠠᠯ ᠢ ᠪᠣᠶᠢᠵᠢᠭᠤᠯᠤᠨ ᠣᠷᠣᠭᠤᠯᠤᠨ ᠠᠪᠴᠢᠷᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃ ᠸᠠᠩ ᠯᠢ ᠰᠢᠶᠠ ᠠᠵᠤ | ᠠᠬᠤᠶᠢᠯᠠᠯᠲᠠᠨ᠂ ᠵᠢᠭᠤᠯᠴᠢᠯᠠᠯ ᠤᠨ ᠠᠵᠢᠯ ᠲᠦᠷᠦᠯ ᠤᠨ ᠲᠥᠯᠥᠭᠡᠯᠡᠭᠴᠢ᠂ ᠵᠠᠭᠤᠴᠢᠯᠠᠭᠤᠷ ᠤᠨ ᠨᠠᠶᠢᠵᠠ ᠨᠠᠷ ᠢ ᠥᠪᠥᠷ | ᠮᠣᠩᠭᠤᠯ ᠤᠨ ᠬᠥᠭᠵᠢᠯᠲᠡ ᠶᠢᠨ ᠣᠷᠣᠯᠴᠠᠭᠴᠢ᠂ ᠳᠦᠷᠢ ᠲᠥᠷᠬᠦ ᠶᠢᠨ ᠲᠠᠨᠢᠯᠴᠠᠭᠤᠯᠤᠭᠴᠢ᠂ ᠵᠢᠭᠤᠯᠴᠢᠯᠠᠯ ᠤᠨ | ᠤᠬᠠᠭᠤᠯᠤᠭᠴᠢ ᠪᠣᠯᠵᠤ᠂ ᠲᠦᠷᠪᠡᠨ ᠵᠦᠭ ᠤᠨ ᠵᠣᠴᠢᠳ ᠢ ᠲᠠᠲᠠᠵᠤ ᠬᠠᠮᠲᠤ ᠪᠠᠷ ︽ᠲᠠᠯ᠎ᠠ ᠨᠤᠲᠤᠭ ᠲᠤ ᠪᠣᠯᠵᠣᠬᠤ︾ | ᠶᠢ ᠴᠢᠩ ᠰᠡᠳᠬᠢᠯ ᠠᠴᠠ ᠪᠠᠨ ᠤᠷᠢᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠡᠯᠡᠬᠡᠢ ᠶᠢᠨ ᠵᠢᠭᠤᠯᠴᠢᠯᠠᠯ ᠤᠨ ᠬᠤᠯᠪᠣᠭᠠᠨ ᠤ ᠲᠡᠷᠢᠭᠦᠯᠡᠭᠴᠢ᠂ ᠰᠣᠶᠣᠯ | ᠪᠠ ᠵᠢᠭᠤᠯᠴᠢᠯᠠᠯ ᠤᠨ ᠶᠠᠮᠤᠨ ᠤ ᠤᠤᠯ ᠤᠨ ᠳᠡᠳ᠋ ᠰᠠᠶᠢᠳ ᠵᠠᠩ ᠰᠢᠦᠢ᠂ ᠳᠤᠮᠳᠠᠳᠤ ᠤᠯᠤᠰ ᠤᠨ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠨᠡᠶᠢᠭᠡᠮᠯᠢᠭ ᠤᠨ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ | ᠤᠤᠯ ᠤᠨ ᠳᠡᠳ᠋ ᠳᠠᠷᠤᠭ᠎ᠠ ᠸᠠᠩ ᠰᠢᠶᠣᠣ ᠹᠤᠩ ᠪᠠᠶᠠᠷ ᠤᠨ ᠦᠭᠡ ᠬᠡᠯᠡᠵᠦ᠂ ᠥᠪᠥᠷ ᠮᠣᠩᠭᠤᠯ ᠤᠨ ᠵᠢᠭᠤᠯᠴᠢᠯᠠᠯ ᠤᠨ | ᠳᠦᠷᠢ ᠲᠥᠷᠬᠦ ᠶᠢᠨ ᠡᠯᠴᠢᠨ ᠰᠠᠷᠠᠨ᠎ᠠ ᠥᠪᠥᠷ ᠮᠣᠩᠭᠤᠯ ᠤᠨ ᠵᠢᠭᠤᠯᠴᠢᠯᠠᠯ ᠤᠨ ᠣᠷᠣᠯᠠᠨ ᠥᠭᠦᠯᠡᠭᠴᠢ | ᠪᠣᠯᠤᠭᠰᠠᠨ ᠪᠥᠭᠡᠳ ᠲᠠᠨᠢᠯᠴᠠᠭᠤᠯᠭ᠎ᠠ ᠬᠢᠵᠦ᠂ ᠰᠢᠶᠧ ᠴᠧᠩ᠂ ᠲᠦᠩ ᠴᠧᠩ᠂ ᠮᠠ ᠹᠧᠩ ᠸᠧ᠂ ᠰᠢᠶᠣᠣ ᠬᠤᠩ | ᠱᠣ᠋ ᠵᠡᠷᠭᠡ ᠠᠵᠤ ᠠᠬᠤᠶᠢᠯᠠᠯ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠭᠠᠷᠭᠠᠵᠤ᠂ ︽ᠭᠤᠤ ᠳ᠋ᠧ ᠨᠢᠭᠡ ᠳᠠᠷᠤᠪᠴᠢ ᠪᠠᠷ ᠥᠪᠥᠷ | ᠮᠣᠩᠭᠤᠯ ᠢᠶᠠᠷ ᠵᠢᠭᠤᠯᠴᠢᠯᠠᠬᠤ︾ ᠪᠠ ᠥᠪᠥᠷ ᠮᠣᠩᠭᠤᠯ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ | ᠱᠤᠭᠤᠮ ᠢ ᠨᠡᠶᠢᠲᠡᠯᠡᠵᠦ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠭᠡᠬᠦ ᠥᠪᠥᠷ ᠮᠣᠩᠭᠤᠯ ᠢᠶᠠᠷ | ᠵᠢᠭᠤᠯᠴᠢᠯᠠᠬᠤ ᠠᠵᠢᠯᠯᠠᠭ᠎ᠠ ᠶᠢ ᠡᠬᠢᠯᠡᠭᠦᠯᠵᠡᠢ᠃ |