ᠤᠯᠠᠭᠠᠢ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠲᠦᠷᠦ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠦᠷᠦᠯ ᠵᠦᠢᠯ ᠢ | ᠰᠦᠪᠡᠭᠴᠢᠯᠡᠵᠦ ᠪᠠᠶᠢᠭ᠎ᠠ ᠨᠢ ᠳᠠᠷᠤᠢ ᠢᠷᠡᠭᠡᠳᠦᠢ ᠶᠢ ᠪᠣᠳᠣᠯᠬᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠲᠦᠷᠦᠯ ᠵᠦᠢᠯ ᠢ | ᠠᠳᠬᠤᠵᠤ ᠪᠠᠶᠢᠭ᠎ᠠ ᠨᠢ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ | ᠪᠣᠢ ᠪᠣᠯᠭᠠᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠡᠭᠡ ᠬᠦᠴᠦᠨ ᠢᠶᠠᠷ | ᠲᠡᠮᠵᠢᠵᠦ ᠦᠢᠯᠡᠴᠢᠯᠡᠬᠦ ᠶᠢᠨ ᠲᠥᠯᠥᠭᠡ᠂ 2024 ᠣᠨ ᠳᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ | 1034 ᠲᠦᠮᠡᠨ ᠲᠥᠭᠦᠷᠢᠭ ᠲᠠᠷᠬᠠᠭᠠᠵᠤ᠂ 6 ᠰᠠᠷ᠎ᠠ ᠶᠢᠨ ᠰᠡᠭᠦᠯᠴᠢ ᠳᠤ ᠪᠦᠬᠦ ᠵᠠᠷᠣᠴᠠᠭᠤᠯᠭ᠎ᠠ ᠬᠢᠵᠦ᠂ ᠭᠤᠣᠯᠳᠠᠭᠤ | ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠤ ᠬᠡᠷᠡᠭᠯᠡᠵᠡᠢ᠃ | ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ ᠰᠠᠶᠢᠲᠤᠷ ᠠᠳᠬᠤᠬᠤ ᠶᠢᠨ ᠲᠥᠯᠥᠭᠡ᠂ ᠬᠠᠮᠢᠶᠠᠷᠤᠯᠲᠠ ᠶᠢᠨ | ᠣᠷᠣᠨ ᠤ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠢᠨᠵᠧᠨᠧᠷᠢᠩ ᠤᠨ ᠬᠡᠮᠵᠢᠶ᠎ᠡ᠂ ᠪᠣᠳᠠᠰ ᠤᠨ ᠬᠡᠮᠵᠢᠶ᠎ᠡ ᠶᠢ | ᠡᠷᠲᠡᠬᠡᠨ ᠪᠦᠷᠢᠯᠳᠦᠭᠦᠯᠬᠦ ᠶᠢ ᠢᠳᠡᠪᠬᠢᠲᠡᠢ ᠠᠬᠢᠭᠤᠯᠪᠠ᠃ ᠣᠲᠣ ᠪᠣᠯᠲᠠᠯ᠎ᠠ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢᠨ ᠲᠥᠷᠥᠯ ᠵᠦᠢᠯ X502 ᠱᠤᠭᠤᠮ ᠤᠨ ᠪᠠᠶᠠᠨᠪᠦᠷᠢᠳᠦ - ᠮᠥᠸᠧ ᠱᠠᠨ ᠠᠭᠤᠯᠠ ᠶᠢᠨ ᠬᠡᠰᠡᠭ ᠤᠨ | ᠵᠠᠰᠠᠮᠠᠯ ᠵᠠᠮ ᠢ ᠪᠦᠷᠬᠦᠭᠦᠯ ᠪᠠᠷᠢᠯᠭ᠎ᠠ ᠶᠢᠨ ᠢᠨᠵᠧᠨᠧᠷᠢᠩ ᠤᠨ ᠲᠣᠭᠲᠠᠭᠤᠨ ᠲᠠᠰ ᠤᠨ ᠬᠡᠮᠬᠡᠳᠡᠭ ᠴᠢᠯᠠᠭᠤ ᠶᠢᠨ | ᠦᠨᠳᠦᠰᠦᠨ ᠱᠠᠲᠤ ᠶᠢ ᠥᠷᠭᠡᠳᠬᠡᠵᠦ᠂ 75 ᠺᠢᠯᠣᠮᠧᠲᠷ ᠤᠨ ᠵᠠᠢ ᠶᠢ ᠨᠢ ᠪᠡᠶᠡᠯᠡᠭᠦᠯᠵᠦ᠂ ᠪᠠᠷᠤᠭᠰᠢᠨ ᠪᠧᠲ᠋ᠤᠨ | ᠵᠠᠮ ᠤᠨ ᠭᠠᠳᠠᠷᠭᠤ ᠶᠢ 58 ᠺᠢᠯᠣᠮᠧᠲᠷ ᠳᠠᠭᠤᠰᠬᠠᠵᠤ᠂ ᠲᠥᠷᠥᠯ ᠵᠦᠢᠯ ᠢ ᠵᠢᠱᠢᠯᠲᠡ ᠪᠠᠷ 9 ᠰᠠᠷ᠎ᠠ ᠶᠢᠨ | ᠰᠡᠭᠦᠯᠴᠢ ᠪᠠᠷ ᠪᠠᠷᠢᠵᠤ ᠳᠠᠭᠤᠰᠬᠠᠨ᠎ᠠ᠃ | |