6 ᠰᠠᠷ᠎ᠠ ᠶᠢᠨ 29 ᠤ ᠡᠳᠦᠷ᠂ 2024 ᠣᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠪᠣᠳᠣᠯᠲᠠ ᠶᠢᠨ | ᠬᠦᠴᠦᠨ ︵ᠵᠣᠬᠢᠶᠠᠮᠠᠯ ᠤᠶᠤᠨ ᠴᠢᠳᠠᠪᠤᠷᠢ︶ ᠤ ᠶᠡᠭᠡ ᠬᠤᠷᠠᠯ ᠬᠥᠬᠡᠬᠤᠲᠠ ᠳᠤ ᠡᠬᠢᠯᠡᠪᠡ᠃ ᠶᠡᠭᠡ ᠬᠤᠷᠠᠯ ︽ | ᠪᠣᠬᠢᠷᠲᠤᠯ ᠦᠭᠡᠢ ᠪᠣᠳᠣᠯᠲᠠ ᠶᠢᠨ ᠬᠦᠴᠦᠨ ᠤ ᠲᠣᠣᠷ ᠰᠦᠯᠵᠢᠶ᠎ᠡ ᠶᠢ ᠬᠠᠮᠲᠤ ᠪᠠᠷ ᠪᠠᠶᠢᠭᠤᠯᠵᠤ᠂ ᠵᠣᠬᠢᠶᠠᠮᠠᠯ ᠣᠶᠤᠨ | ᠴᠢᠳᠠᠪᠤᠷᠢ ᠶᠢᠨ ᠢᠷᠡᠭᠡᠳᠦᠢ ᠶᠢ ᠬᠠᠮᠲᠤ ᠪᠠᠷ ᠡᠳ᠋ᠯᠡᠶ᠎ᠡ︾ ᠪᠠᠷ ᠭᠤᠣᠯ ᠰᠡᠳᠦᠪ ᠪᠣᠯᠭᠠᠵᠤ᠂ ᠠᠺᠠᠳᠧᠮᠢᠴᠢ ᠲᠤᠰᠬᠠᠢ | ᠮᠡᠷᠭᠡᠵᠢᠯᠲᠡᠨ᠂ ᠬᠡᠪ ᠳᠠᠭᠤᠷᠢᠶᠠᠯ ᠠᠵᠤ ᠠᠬᠤᠶᠢᠯᠠᠯ ᠢ ᠤᠷᠢᠵᠤ ᠴᠡᠯᠡᠭᠡᠷ ᠲᠠᠯ᠎ᠠ ᠶᠢᠨ ᠬᠤᠷᠠᠯ ᠤᠨ ᠲᠥᠪ ᠲᠤ | ᠴᠤᠭᠯᠠᠷᠠᠭᠤᠯᠵᠤ᠂ ᠪᠣᠬᠢᠷᠲᠤᠯ ᠦᠭᠡᠢ ᠪᠣᠳᠣᠯᠲᠠ ᠶᠢᠨ ᠬᠦᠴᠦᠨ ᠪᠠ ᠵᠣᠬᠢᠶᠠᠮᠠᠯ ᠣᠶᠤᠨ ᠴᠢᠳᠠᠪᠤᠷᠢ ᠶᠢᠨ | ᠬᠥᠭᠵᠢᠯᠲᠡ ᠶᠢ ᠬᠠᠮᠲᠤ ᠪᠠᠷ ᠶᠠᠷᠢᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠤᠨ | ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ ᠪᠠᠶᠠᠷ ᠤᠨ ᠦᠭᠡ ᠬᠡᠯᠡᠪᠡ᠃ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠶᠡᠷᠦᠩᠬᠡᠢ ᠢᠨᠵᠧᠨᠧᠷ ᠵᠤᠤ ᡁᠢ ᠭᠦᠸᠧ᠂ ᠤᠯᠤᠰ ᠤᠨ | ᠲᠤᠭ᠎ᠠ ᠪᠠᠷᠢᠮᠲᠠ ᠶᠢᠨ ᠲᠣᠪᠴᠢᠶᠠᠨ ᠤ ᠳᠡᠳ᠋ ᠳᠠᠷᠤᠭ᠎ᠠ ᠰᠢᠶᠠ ᠪᠢᠩ ᠪᠠᠶᠠᠷ ᠤᠨ ᠦᠭᠡ ᠬᠡᠯᠡᠵᠡᠢ᠃ ᠥᠪᠡᠷᠲᠡᠭᠡᠨ | ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ᠂ ᠰᠦᠨ ᠵᠢᠶᠦ᠋ᠨ ᠴᠢᠩ ᠣᠷᠣᠯᠴᠠᠵᠤ᠂ ᠬᠤᠸᠠᠩ ᡁᠢ ᠴᠢᠶᠠᠩ | ᠡᠬᠢᠯᠡᠯᠲᠡ ᠶᠢᠨ ᠶᠣᠰᠣᠯᠠᠯ ᠢ ᠡᠷᠭᠢᠯᠡᠭᠰᠡᠨ ᠪᠥᠭᠡᠳ ᠭᠤᠣᠯ ᠰᠡᠳᠦᠪᠲᠦ ᠲᠠᠨᠢᠯᠴᠠᠭᠤᠯᠭ᠎ᠠ ᠬᠢᠪᠡ᠃ | ᠸᠠᠩ ᠯᠢ ᠰᠢᠶᠠ᠂ ᠪᠣᠳᠣᠯᠲᠠ ᠶᠢᠨ ᠬᠦᠴᠦᠨ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠴᠢᠬᠤᠯᠠ ᠬᠥᠳᠡᠯᠭᠡᠭᠦᠷ ᠮᠥᠨ᠂ ᠥᠪᠥᠷ ᠮᠣᠩᠭᠤᠯ ᠠᠭᠤᠷ ᠠᠮᠢᠰᠬᠤᠯ ᠬᠦᠢᠲᠡᠨ ᠰᠡᠷᠢᠭᠦᠨ᠂ ᠠᠭᠠᠷ | ᠴᠡᠪᠡᠷ᠂ ᠣᠷᠴᠢᠨ ᠲᠣᠭᠤᠷᠢᠨ ᠬᠠᠭᠤᠷᠠᠢ᠂ ᠪᠦᠬᠦ ᠤᠯᠤᠰ ᠤᠨ ᠬᠠᠮᠤᠭ ᠤᠨ ᠶᠡᠭᠡ ᠰᠠᠯᠬᠢᠨ ᠬᠦᠴᠦᠨ ᠤ ᠴᠠᠬᠢᠯᠭᠠᠨ | ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠠᠢ᠂ ᠪᠣᠳᠣᠯᠲᠠ ᠶᠢᠨ ᠬᠦᠴᠦᠨ ᠤ ᠠᠵᠤ ᠦᠢᠯᠡᠰ ᠤᠨ | ᠬᠥᠭᠵᠢᠯᠲᠡ ᠶᠢᠨ ᠪᠦᠯᠦᠭᠵᠢᠯ ᠤᠨ ᠳᠠᠪᠠᠭᠤᠯᠢᠭ ᠲᠠᠢ ᠪᠠᠶᠢᠵᠤ᠂ ᠪᠦᠬᠦ ᠤᠯᠤᠰ ᠤᠨ ᠴᠣᠷᠢ ᠶᠢᠨ ᠭᠠᠭᠴᠠ ᠲᠣᠮᠣ | ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠦᠷᠦᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠠ ᠨᠢᠭᠡ ᠴᠣᠭᠴᠠᠵᠢᠭᠤᠯᠤᠭᠰᠠᠨ ᠪᠣᠳᠣᠯᠲᠠ ᠶᠢᠨ ᠬᠦᠴᠦᠨ ᠤ ᠲᠣᠣᠷ | ᠰᠦᠯᠵᠢᠶᠡᠨ ᠤ ᠤᠯᠤᠰ ᠤᠨ ᠲᠡᠰ ᠤᠨ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠡᠭᠦᠷᠭᠡᠯᠡᠵᠦ ᠪᠠᠶᠢᠭ᠎ᠠ ᠭᠠᠵᠠᠷ ᠣᠷᠣᠨ ᠪᠠᠶᠢᠵᠤ᠂ ᠪᠦᠬᠦ ᠤᠯᠤᠰ ᠤᠨ ᠴᠢᠬᠤᠯᠠ ᠪᠣᠬᠢᠷᠲᠤᠯ ᠦᠭᠡᠢ ᠪᠣᠳᠣᠯᠲᠠ ᠶᠢᠨ | ᠬᠦᠴᠦᠨ ᠤ ᠥᠨᠳᠦᠷᠯᠢᠭ ᠭᠠᠵᠠᠷ ᠢ ᠴᠣᠭᠴᠠᠯᠠᠬᠤ ᠨᠥᠬᠦᠴᠡᠯ ᠳᠠᠪᠠᠭᠤᠯᠢᠭ ᠲᠠᠢ᠃ ᠥᠪᠥᠷ ᠮᠣᠩᠭᠤᠯ ᠤᠨ ᠬᠢᠨ | ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠨᠡᠭᠡᠭᠡᠬᠦ ᠬᠡᠷᠡᠭᠲᠡᠢ︾ ᠭᠡᠰᠡᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠪᠣᠬᠢᠷᠲᠤᠯ ᠦᠭᠡᠢ ᠪᠣᠳᠣᠯᠲᠠ ᠶᠢᠨ ᠬᠦᠴᠦᠨ ᠢᠶᠠᠷ ᠤᠳᠤᠷᠢᠳᠤᠮᠵᠢ ᠪᠤᠯᠭᠠᠭᠰᠠᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠰᠠᠭᠤᠷᠢ ︽ᠬᠠᠲᠠᠭᠤ ᠲᠣᠨᠣᠭᠯᠠᠯ︾ ᠢ ᠤᠯᠠᠮ | ᠴᠢᠩᠭᠠᠳᠬᠠᠨ᠂ ᠠᠵᠤ ᠦᠢᠯᠡᠰ ᠤᠨ ︽ᠰᠢᠮᠡᠯᠢᠭ ᠬᠥᠷᠥᠰᠥ︾ ᠶᠢ ᠵᠤᠵᠠᠭᠠᠳᠬᠠᠵᠤ᠂ ᠬᠡᠷᠡᠭᠯᠡᠭᠡᠨ ᠤ ︽ᠴᠡᠩᠬᠡᠷ ᠲᠡᠯᠡᠶ︾ ᠶᠢ | ᠥᠷᠭᠡᠳᠬᠡᠵᠦ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ ᠢᠶᠠᠷ ᠰᠢᠨ᠎ᠡ ᠴᠢᠨᠠᠷ ᠤᠨ ᠢᠷᠡᠭᠡᠳᠦᠢ ᠶᠢ ᠵᠢᠷᠤᠭᠯᠠᠬᠤ | ᠪᠣᠯᠣᠨ᠎ᠠ᠃ ᠪᠥᠬᠦ ᠪᠥᠮᠪᠥᠷᠴᠡᠭ ᠤᠨ ᠪᠣᠳᠣᠯᠲᠠ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ | ᠬᠥᠭᠵᠢᠬᠦ ᠶᠢ ᠬᠠᠯᠠᠭᠤᠨ ᠢᠶᠠᠷ ᠪᠠᠶᠠᠷᠯᠠᠨ ᠤᠭᠲᠤᠵᠤ ᠪᠠᠶᠢᠨ᠎ᠠ᠂ ᠥᠪᠥᠷ ᠮᠣᠩᠭᠤᠯ ᠦᠨᠡᠨ ᠰᠡᠳᠬᠢᠯ ᠠᠴᠠ ᠪᠠᠨ | ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠣᠯᠠᠨ ᠢ ᠰᠡᠳᠬᠢᠯ ᠠᠮᠤᠷ ᠪᠡᠯᠡ | ᠣᠷᠣᠭᠤᠯᠵᠤ᠂ ᠰᠠᠨᠠᠭ᠎ᠠ ᠠᠮᠤᠷ ᠦᠢᠯᠡᠰ ᠢᠶᠠᠨ ᠴᠣᠭᠴᠠᠯᠠᠵᠤ᠂ ᠤᠷᠤᠭᠰᠢᠲᠠᠢ ᠬᠥᠭᠵᠢᠭᠦᠯᠬᠦ ᠪᠣᠯᠣᠨ᠎ᠠ ᠭᠡᠪᠡ᠃ | ᠵᠤᠤ ᡁᠢ ᠭᠦᠸᠧ ᠪᠠᠶᠠᠷ ᠤᠨ ᠦᠭᠡ ᠳᠡᠭᠡᠨ᠂ ᠪᠣᠬᠢᠷᠲᠤᠯ ᠦᠭᠡᠢ ᠪᠣᠳᠣᠯᠲᠠ ᠶᠢᠨ ᠬᠦᠴᠦᠨ ᠪᠣᠯᠣᠨ ᠵᠣᠬᠢᠶᠠᠮᠠᠯ | ᠤᠶᠤᠨ ᠴᠢᠳᠠᠪᠤᠷᠢ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠴᠢᠳᠠᠪᠤᠷᠢ ᠮᠥᠨ᠂ | ᠡᠯ᠎ᠡ ᠬᠦᠷᠢᠶᠡᠨ ᠤ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ | ᠬᠤᠪᠢᠰᠤᠯᠲᠠ ᠶᠢ ᠪᠦᠬᠦ ᠲᠠᠯ᠎ᠠ ᠪᠠᠷ ᠬᠥᠭᠵᠢᠭᠡᠬᠦ ᠪᠣᠯᠣᠨ᠎ᠠ᠃ ᠪᠣᠳᠣᠯᠲᠠ ᠶᠢᠨ ᠬᠦᠴᠦᠨ ᠤ ᠵᠠᠩᠭᠢᠯᠠᠭ᠎ᠠ ᠶᠢᠨ ᠴᠡᠭ ᠤᠨ | ᠨᠢᠭᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠣᠬᠢᠷᠲᠤᠯ | ᠦᠭᠡᠢ ᠪᠣᠳᠣᠯᠲᠠ ᠶᠢᠨ ᠬᠦᠴᠦᠨ ᠤ ᠶᠡᠷᠦᠩᠬᠡᠶᠢᠯᠡᠭᠰᠡᠨ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ | ᠴᠢᠩᠭᠠᠳᠬᠠᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠨ᠂ | ᠪᠣᠳᠣᠯᠲᠠ ᠶᠢᠨ ᠬᠦᠴᠦᠨ ᠤ ᠠᠵᠤ ᠦᠢᠯᠡᠰ ᠤᠨ ᠶᠡᠭᠡ ᠪᠠᠶᠢᠷᠢᠰᠢᠯ ᠳᠤ ᠢᠳᠡᠪᠬᠢᠲᠡᠢ ᠠᠭᠤᠰᠤᠯᠴᠠᠪᠠ᠃ ᠲᠤᠰ | ᠤᠳᠠᠭ᠎ᠠ ᠶᠢᠨ ᠶᠡᠭᠡ ᠬᠤᠷᠠᠯ ᠢᠶᠠᠷ ᠳᠠᠮᠵᠢᠨ᠂ ᠡᠯ᠎ᠡ ᠲᠠᠯ᠎ᠠ ᠶᠢᠨ ᠬᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ | ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠦᠲᠦᠮᠵᠢᠲᠡᠢ ᠠᠷᠭ᠎ᠠ | ᠵᠠᠮ ᠢ ᠰᠦᠪᠡᠭᠴᠢᠯᠡᠵᠦ᠂ ᠰᠠᠶᠢᠨ ᠰᠠᠶᠢᠬᠠᠨ ᠠᠮᠢ ᠠᠬᠤᠢ ᠶᠢ ᠴᠣᠭᠴᠠᠯᠠᠨ ᠪᠠᠶᠢᠭᠤᠯᠵᠤ᠂ ᠮᠠᠨ ᠤ ᠤᠯᠤᠰ ᠤᠨ | ᠪᠣᠬᠢᠷᠲᠤᠯ ᠦᠭᠡᠢ ᠪᠣᠳᠣᠯᠲᠠ ᠶᠢᠨ ᠬᠦᠴᠦᠨ ᠪᠣᠯᠣᠨ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠰᠢᠨ᠎ᠡ ᠪᠠᠶᠢᠳᠠᠯ ᠢ ᠨᠡᠭᠡᠭᠡᠵᠦ᠂ ᠰᠦᠯᠵᠢᠶᠡᠨ ᠤ | ᠬᠦᠴᠦᠷᠬᠡᠭ ᠤᠯᠤᠰ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠪᠣᠯᠣᠨ ᠲᠣᠭᠠᠴᠢᠯᠠᠭᠰᠠᠨ ᠳᠤᠮᠳᠠᠳᠤ ᠤᠯᠤᠰ ᠢ | ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ︽ᠳᠤᠮᠳᠠᠳᠤ ᠤᠯᠤᠰ ᠤᠨ ᠡᠭᠦᠯᠡᠨ ᠬᠥᠨᠳᠡᠢ︾᠂ ᠤᠯᠤᠰ ᠤᠨ ︽ᠵᠡᠭᠦᠨᠳᠡᠬᠢ | ᠲᠤᠭ᠎ᠠ ᠶᠢ ᠪᠠᠷᠠᠭᠤᠨ ᠳᠤ ᠪᠤᠳᠤᠬᠤ︾ ᠥᠪᠥᠷ ᠮᠣᠩᠭᠤᠯ ᠤᠨ ᠬᠤᠷᠢᠨᠭᠡᠷ ᠪᠦᠯᠦᠭᠯᠡᠯ ᠤᠨ ᠪᠣᠳᠣᠯᠲᠠ ᠶᠢᠨ ᠬᠦᠴᠦᠨ ᠤ | ᠠᠵᠤ ᠦᠢᠯᠡᠰ ᠤᠨ ᠬᠡᠯᠬᠢᠶ᠎ᠡ ᠶᠢᠨ ᠭᠤᠣᠯ ᠠᠵᠤ ᠠᠬᠤᠶᠢᠯᠠᠯ ᠳᠤ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠵᠤ᠂ | ︽ᠵᠡᠭᠦᠨᠳᠡᠬᠢ ᠲᠤᠭ᠎ᠠ ᠶᠢ ᠪᠠᠷᠠᠭᠤᠨ ᠳᠤ ᠪᠤᠳᠤᠬᠤ︾ ᠢᠨᠵᠧᠨᠧᠷᠢᠩ ᠤᠨ ︽ᠪᠡᠭᠡᠵᠢᠩ ᠤᠨ ᠲᠤᠭ᠎ᠠ ᠶᠢ ᠥᠪᠥᠷ | ᠮᠣᠩᠭᠤᠯ ᠳᠤ ᠪᠤᠳᠤᠬᠤ︾ ᠬᠠᠮᠲᠤᠷᠠᠯᠴᠠᠭ᠎ᠠ᠂ ︽ᠵᠡᠭᠦᠨᠳᠡᠬᠢ ᠲᠤᠭ᠎ᠠ ᠶᠢ ᠪᠠᠷᠠᠭᠤᠨ ᠳᠤ ᠪᠤᠳᠤᠬᠤ︾ ᠢᠨᠵᠧᠨᠧᠷᠢᠩ ᠤᠨ | ︽ᠬᠤᠷᠢᠨᠭᠡᠷ — — ᠪᠡᠭᠡᠵᠢᠩ — — ᠦ᠋ ᠬᠤ᠋ — — ᠭᠦᠢᠵᠧᠦ︾ ᠶᠢᠨ ᠪᠣᠳᠣᠯᠲᠠ ᠶᠢᠨ ᠬᠦᠴᠦᠨ ᠢ ᠨᠢᠭᠡ | ᠴᠣᠭᠴᠠᠵᠢᠭᠤᠯᠤᠨ ᠬᠠᠮᠵᠢᠯᠴᠠᠨ ᠬᠠᠮᠲᠤᠷᠠᠯᠴᠠᠬᠤ᠂ ᠬᠤᠷᠢᠨᠭᠡᠷ ᠲᠤᠭ᠎ᠠ ᠪᠠᠷᠢᠮᠲᠠ ᠶᠢᠨ ᠲᠥᠪ ᠤᠨ ᠪᠦᠯᠦᠭᠵᠢᠯ ᠤᠨ | ᠣᠯᠠᠨ ᠡᠭᠦᠯᠡᠨ ᠪᠣᠳᠣᠯᠲᠠ ᠶᠢᠨ ᠡᠬᠢ ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠵᠢᠴᠢ ᠥᠪᠥᠷ | ᠮᠣᠩᠭᠤᠯ ᠤᠨ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠢ ᠡᠬᠢᠯᠡᠭᠦᠯᠵᠦ᠂ ︽ᠳᠤᠮᠳᠠᠳᠤ ᠤᠯᠤᠰ ᠤᠨ ᠪᠣᠬᠢᠷᠲᠤᠯ | ᠦᠭᠡᠢ ᠪᠣᠳᠣᠯᠲᠠ ᠶᠢᠨ ᠬᠦᠴᠦᠨ ᠤ ᠬᠥᠭᠵᠢᠯᠲᠡ ᠶᠢᠨ ᠰᠤᠳᠤᠯᠭᠠᠨ ᠤ ᠮᠡᠳᠡᠭᠦᠯᠦᠯᠲᠡ︾᠂ ︽ᠤᠯᠤᠰ ᠤᠨ ︿ᠵᠡᠭᠦᠨᠳᠡᠬᠢ | ᠲᠤᠭ᠎ᠠ ᠶᠢ ᠪᠠᠷᠠᠭᠤᠨ ᠳᠤ ᠪᠤᠳᠤᠬᠤ﹀ ᠵᠠᠩᠭᠢᠯᠠᠭ᠎ᠠ ᠶᠢᠨ ᠴᠡᠭ ᠤᠨ ᠪᠣᠬᠢᠷᠲᠤᠯ ᠦᠭᠡᠢ ᠪᠣᠳᠣᠯᠲᠠ ᠶᠢᠨ ᠬᠦᠴᠦᠨ ᠤ | ᠵᠢᠭᠠᠯᠲᠠ ᠲᠤᠭ᠎ᠠ ᠶᠢᠨ ᠰᠤᠳᠤᠯᠭᠠᠨ ᠤ ᠮᠡᠳᠡᠭᠦᠯᠦᠯᠲᠡ︾᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ — — | ᠪᠡᠭᠡᠵᠢᠩ ᠲᠢᠶᠠᠨᠵᠢᠨ ᠾᠧᠪᠧᠢ — — ᠬᠥᠬᠡᠮᠥ᠋ᠷᠡᠨ ᠤ ᠭᠤᠷᠪᠠᠯᠵᠢᠨ ᠬᠤᠶᠢᠭ ᠤᠨ ︽2 · 5 · 20︾ ᠴᠠᠭ ᠤᠨ | ᠤᠷᠲᠤᠳᠬᠠᠯ ᠲᠣᠭᠤᠷᠢᠭ ᠤᠨ ᠱᠠᠲᠤᠴᠢ ᠬᠤᠭᠤᠴᠠᠭᠠᠨ ᠤ ᠦᠷ᠎ᠡ ᠪᠦᠲᠦᠭᠡᠯ ᠢ ᠨᠡᠶᠢᠲᠡᠯᠡᠵᠦ᠂ ᠣᠶᠤᠨᠴᠢ | ᠪᠣᠳᠣᠯᠲᠠ ᠶᠢᠨ ᠬᠦᠴᠦᠨ ᠤ ᠰᠠᠭᠤᠷᠢᠨ᠂ ᠵᠣᠬᠢᠶᠠᠮᠠᠯ ᠣᠶᠤᠨ ᠴᠢᠳᠠᠪᠤᠷᠢ ᠶᠢᠨ ᠵᠠᠭᠪᠤᠷ ᠤᠨ ᠪᠣᠯᠪᠠᠰᠤᠷᠠᠯ | ᠵᠦᠢᠴᠢᠯᠡᠯ ᠤᠨ ᠰᠠᠭᠤᠷᠢᠨ᠂ ᠰᠢᠨ ᠴᠤᠸᠠᠩ ᠰᠢ ᠫᠧᠢ ᠰᠠᠭᠤᠷᠢᠨ ᠤ ᠰᠢᠨ᠎ᠡ ᠦᠢᠯᠡᠳᠬᠦᠨ ᠢ ᠨᠡᠶᠢᠲᠡᠯᠡᠬᠦ ᠶᠣᠰᠣᠯᠠᠯ | ᠥᠷᠨᠢᠭᠦᠯᠵᠦ᠂ ᠲᠤᠬᠠᠢ ᠶᠢᠨ ᠲᠠᠯᠠᠪᠠᠶ ᠳᠤ 13 ᠭᠤᠣᠯᠳᠠᠯᠭ᠎ᠠ ᠲᠠᠢ ᠲᠥᠷᠥᠯ ᠵᠦᠢᠯ ᠤᠨ ᠭᠡᠷ᠎ᠡ ᠲᠣᠭᠲᠠᠪᠠ᠃ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠤᠤᠯ ᠤᠨ ᠳᠡᠳ᠋ ᠳᠠᠷᠤᠭ᠎ᠠ ᠴᠧᠨ ᠽᠦᠸᠧ ᠨᠢᠩ᠂ ᠤᠯᠤᠰ ᠤᠨ ᠮᠡᠳᠡᠭᠡ | ᠵᠠᠩᠭᠢ ᠶᠢᠨ ᠲᠥᠪ ᠤᠨ ᠮᠡᠳᠡᠭᠡ ᠵᠠᠩᠭᠢᠵᠢᠯᠲᠠ ᠪᠠ ᠠᠵᠤ ᠦᠢᠯᠡᠰ ᠤᠨ ᠬᠥᠭᠵᠢᠯᠲᠡ ᠶᠢᠨ ᠬᠡᠯᠲᠡᠰ ᠤᠨ ᠡᠷᠬᠢᠯᠡᠭᠴᠢ | ᠱᠠᠨ ᡁᠢ ᠭᠤᠸᠠᠩ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ | ᠵᠠᠬᠢᠷᠤᠭᠴᠢ ᠼᠤᠤ ᠵᠢᠢ ᠪᠢᠨ᠂ ᠴᠤᠤ ᠵᠢᠦᠢ ᠪᠢᠶᠠᠨ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠯᠢᠦ ᠬᠤᠩ ᠶᠦᠨ᠂ ᠺᠧ ᠳ᠋ᠠ ᠰᠢᠶᠦ᠋ᠨ ᠹᠧᠢ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ | ᠬᠠᠮᠲᠤᠷᠠᠨ ᠡᠭᠦᠰᠬᠡᠨ ᠪᠠᠶᠢᠭᠤᠯᠤᠭᠴᠢ ᠰᠢᠦᠢ ᠢᠦᠢ ᠯᠢᠨ᠂ ᠵᠦᠩ ᠺᠧ ᠬᠠᠨ ᠦ᠋ ᠵᠢᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠲᠢᠶᠠᠨ ᠱᠢ᠂ ᠰᠠᠨ ᠨᠥᠸᠧ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᡁᠢ ᠰᠢᠶᠦ᠋ᠩ᠂ ᠪᠢᠩ ᠰᠢᠩ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠭᠤᠣᠯ | ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠶᠡᠭᠡ ᠬᠤᠷᠠᠯ ᠤᠨ ᠬᠤᠭᠤᠴᠠᠭᠠᠨ ᠳᠤ ᠪᠠᠰᠠ ︽ᠵᠡᠭᠦᠨᠳᠡᠬᠢ ᠲᠤᠭ᠎ᠠ ᠶᠢ ᠪᠠᠷᠠᠭᠤᠨ ᠳᠤ ᠪᠤᠳᠤᠬᠤ︾ | ᠢᠨᠵᠧᠨᠧᠷᠢᠩ ᠤᠨ ᠪᠣᠳᠣᠯᠲᠠ ᠶᠢᠨ ᠬᠦᠴᠦᠨ ᠤ ᠵᠠᠩᠭᠢᠯᠠᠭ᠎ᠠ ᠶᠢᠨ ᠴᠡᠭ ᠤᠨ ᠰᠣᠯᠢᠯᠴᠠᠭᠠᠨ ᠤ ᠬᠤᠷᠠᠯ ᠢ ᠵᠣᠬᠢᠶᠠᠨ | ᠪᠠᠶᠢᠭᠤᠯᠵᠤ᠂ AI ᠴᠢᠳᠠᠪᠤᠷᠢ ᠣᠯᠭᠤᠬᠤ ᠰᠢᠨ᠎ᠡ ᠲᠠᠯᠠᠪᠤᠷ᠂ ᠪᠣᠳᠣᠯᠲᠠ ᠲᠣᠣᠷ ᠢ ᠠᠭᠤᠰᠤᠯᠴᠠᠭᠤᠯᠬᠤ᠂ ᠪᠣᠬᠢᠷᠳᠤᠯ | ᠦᠭᠡᠢ ᠪᠣᠳᠣᠯᠲᠠ ᠶᠢᠨ ᠬᠦᠴᠦᠨ ᠢ ᠠᠭᠤᠰᠤᠯᠴᠠᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ | ᠪᠠᠶᠢᠭᠤᠯᠬᠤ ᠪᠣᠯᠣᠨ᠎ᠠ᠃ |