ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠲᠤᠰ | ᠲᠤᠰ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ | ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ | ᠰᠠᠬᠢᠬᠤ ᠶᠢ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ | ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ | ᠡᠭᠦᠷᠭᠡᠯᠡᠨ ᠪᠣᠳᠠᠲᠠᠢ ᠠᠵᠢᠯᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ | ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ | ᠨᠠᠮ ᠤᠨ ᠭᠡᠰᠢᠭᠦᠨ ᠺᠠᠳ᠋ᠷ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠯᠢᠦ ᠱᠤᠸᠠᠩ᠂ ᠰᠠᠬᠢᠯᠭ᠎ᠠ | ᠪᠠᠲᠤ ᠶᠢ ᠴᠢᠩᠳᠠᠯᠠᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠪᠦᠭᠦ | ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃ ᠪᠦᠭᠦ ᠣᠷᠣᠨ ᠤ | ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ | ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷᠲᠤ ᠴᠢᠨᠠᠷ ᠢᠶᠠᠨ | ᠴᠢᠨᠠᠭᠰᠢᠳᠠ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠤᠨ ᠲᠣᠭᠲᠠᠭᠠᠯ ᠪᠠ | ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠬᠠᠮᠤᠭ ᠤᠨ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠡᠶ᠎ᠡ ᠪᠠᠨ ᠴᠢᠩᠭ᠎ᠠ ᠪᠠᠶᠢᠴᠠᠭᠠᠨ ᠲᠥᠪ ᠪᠤᠯᠭᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠭᠦᠭᠡᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠭᠦ ᠬᠤᠳᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ | ᠬᠥᠮᠦᠵᠢᠯ ᠤᠨ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠪᠦᠦ ᠭᠠᠩ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ | ᠤᠨ ᠠᠭᠤᠯᠭ᠎ᠠ ᠶᠢ ᠴᠢᠩᠭ᠎ᠠ ᠡᠵᠡᠮᠳᠡᠵᠦ᠂ ᠣᠷᠣᠨ ᠤ ᠲᠥᠪ ᠤᠨ ᠪᠣᠳᠠᠲᠠᠢ ᠲᠠᠢ ᠤᠶᠠᠯᠳᠤᠭᠤᠯᠤᠨ᠂ ᠭᠦᠨᠵᠡᠭᠡᠢ | ᠲᠠᠶᠢᠯᠤᠮᠵᠢ ᠬᠢᠪᠡ᠃ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ᠪᠦᠦ ᠭᠠᠩ ᠭᠦᠨᠵᠡᠭᠡᠢ ᠵᠠᠳᠠᠯᠤᠯᠲᠠ ᠬᠢᠵᠦ᠂ ᠨᠠᠮ ᠤᠨ ᠭᠡᠰᠢᠭᠦᠨ ᠺᠠᠳ᠋ᠷ ᠡᠷᠬᠡᠪᠰᠢ ᠡᠭᠦᠨ ᠢᠶᠠᠷ | ᠴᠡᠭᠡᠷᠯᠡᠯ ᠪᠤᠯᠭᠠᠵᠤ᠂ ᠰᠤᠷᠭᠠᠮᠵᠢ ᠠᠪᠴᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠦᠷᠭᠦᠯᠵᠢ ᠦᠵᠡᠯ ᠰᠠᠨᠠᠭᠠᠨ ᠤ ᠰᠡᠷᠡᠮᠵᠢ ᠶᠢᠨ ᠳᠣᠬᠢᠶ᠎ᠠ ᠥᠭᠴᠦ᠂ | ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ | ᠨᠠᠮ ᠤᠨ ᠭᠡᠰᠢᠭᠦᠨ ᠺᠠᠳ᠋ᠷᠴᠤᠳ ᠲᠤ ᠲᠠᠯᠪᠢᠬᠤ ᠪᠦᠭᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ | ᠬᠢᠨᠠᠯᠲᠠ ᠶᠢ ᠦᠨᠡᠨ ᠬᠦ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠵᠣᠷᠢᠭᠵᠢᠭᠤᠯᠬᠤ ᠲᠤᠯᠤᠭᠠᠨ ᠵᠦᠢᠯ ᠤᠨ ᠨᠠᠶᠢᠳᠠᠪᠤᠷᠢᠵᠢᠭᠤᠯᠬᠤ ᠲᠣᠭᠲᠠᠴᠠ ᠪᠣᠯᠣᠨ ᠠᠯᠳᠠᠭ᠎ᠠ ᠪᠤᠷᠤᠭᠤ ᠶᠢ | ᠪᠠᠭᠲᠠᠭᠠᠬᠤ ᠪᠠ ᠵᠠᠯᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠺᠠᠳ᠋ᠷ ᠤᠨ ᠰᠡᠳᠬᠢᠯ ᠰᠠᠨᠠᠭ᠎ᠠ | ᠪᠣᠯᠣᠨ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠣᠰᠬᠠᠬᠤ ᠳᠡᠭᠡᠷ᠎ᠡ ᠲᠠᠯᠪᠢᠬᠤ ᠶᠢ ᠵᠣᠷᠢᠭᠵᠢᠭᠤᠯᠵᠤ᠂ ᠪᠣᠳᠠᠲᠤ | ᠠᠮᠵᠢᠯᠲᠠ ᠪᠦᠲᠦᠮᠵᠢ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠭᠦ ᠳᠤᠮᠳᠠ ᠣᠷᠣᠨ ᠤ ᠲᠥᠪ ᠤᠨ ᠺᠠᠳ᠋ᠷ ᠤᠨ | ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠭᠤᠯᠭ᠎ᠠ | ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ | ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ | ᠣᠷᠣᠪᠠ᠃ ᠵᠧᠩ ᠬᠤᠩ ᠹᠠᠨ᠂ ᠤᠬᠠᠭᠤᠯᠬᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ︔ | ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠤᠬᠠᠮᠰᠠᠷ ᠠᠴᠠ ᠪᠠᠨ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢᠯᠠᠩᠭᠤᠶ᠎ᠠ ︽ᠵᠢᠷᠭᠤᠭᠠᠨ ᠰᠠᠬᠢᠯᠭ᠎ᠠ ᠪᠠᠲᠤ︾ | ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠯᠭᠠᠬᠤ ᠬᠡᠷᠡᠭᠲᠡᠢ︔ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠤᠯᠤᠰ ᠲᠦᠷᠦ ᠶᠢ ᠡᠷᠬᠢᠮᠯᠡᠨ᠂ ᠰᠠᠬᠢᠯᠭ᠎ᠠ ᠪᠠᠲᠤ ᠶᠢ ᠰᠠᠬᠢᠵᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ | ᠴᠢᠳᠠᠪᠤᠷᠢ ᠰᠠᠶᠢᠨ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ᠂ ᠢᠯᠠᠭᠤᠭᠰᠠᠨ ᠲᠠᠶᠢᠨ ᠬᠢᠵᠦ ᠴᠢᠳᠠᠬᠤ ᠰᠤᠷᠲᠠᠯ | ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ | ᠪᠤᠭᠤᠲᠤ ᠬᠤᠲᠠ ᠪᠦᠭᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠤᠭᠤᠲᠤ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ | ᠪᠠᠲᠤ ᠶᠢᠨ ᠨᠠᠮ ᠤᠨ ᠬᠢᠴᠢᠶᠡᠯ ᠣᠷᠣᠪᠠ᠃ ᠳ᠋ᠢᠩ ᠰᠢᠤ ᠹᠧᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠵᠡᠷᠭᠡ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠠᠴᠠ | ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠢ ᠲᠣᠳᠣᠷᠬᠠᠢ ᠣᠶᠢᠯᠠᠭᠠᠵᠤ ᠪᠢᠰᠢᠷᠡᠨ ᠵᠢᠷᠦᠬᠡᠰᠢᠶᠡᠬᠦ ᠶᠢ ᠮᠡᠳᠡᠬᠦ | ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ | ᠨᠠᠮ ᠤᠨ ᠭᠡᠰᠢᠭᠦᠨ ᠺᠠᠳ᠋ᠷᠴᠤᠳ ᠢ ᠰᠤᠷᠭᠠᠨ ᠬᠥᠮᠥᠵᠢᠭᠦᠯᠵᠦ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠤᠯᠭᠠᠵᠤ᠂ ᠬᠥᠮᠥᠨ ᠪᠤᠯᠬᠤ ᠨᠣᠶᠠᠨ ᠰᠠᠭᠤᠬᠤ | ︽ᠶᠡᠷᠦᠩᠬᠡᠢ ᠨᠡᠭᠡᠭᠡᠯᠭᠡ︾ ᠶᠢ ᠰᠠᠶᠢᠲᠤᠷ ᠬᠠᠮᠢᠶᠠᠷᠬᠤ ᠪᠤᠯᠭᠠᠬᠤ ᠬᠡᠷᠡᠭᠲᠡᠢ᠃ ᠰᠤᠷᠲᠠᠯ ᠤᠨ ᠲᠠᠯ᠎ᠠ ᠪᠠᠷ ᠣᠷᠣᠰᠢᠵᠤ | ᠪᠠᠶᠢᠭ᠎ᠠ ᠵᠢᠷᠭᠤᠭᠠᠨ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠭᠦᠨᠵᠡᠭᠡᠢ ᠵᠠᠳᠠᠯᠤᠨ ᠲᠤᠩᠭᠠᠵᠤ᠂ ᠲᠡᠷᠢᠭᠦᠨ ᠤ ᠬᠢ ᠪᠠᠷ | ᠪᠠᠷᠢᠮᠵᠢᠶᠠᠯᠠᠨ᠂ ᠵᠥᠷᠢᠶ᠎ᠡ ᠪᠠᠨ ᠡᠷᠢᠵᠦ᠂ ᠴᠥᠬᠦᠷᠡᠰᠢ ᠦᠭᠡᠢ ᠴᠢᠷᠮᠠᠶᠢᠵᠤ ᠰᠤᠷᠲᠠᠯ ᠢᠶᠠᠨ ᠴᠢᠩᠭᠠᠳᠬᠠᠵᠤ ᠰᠢᠨ᠎ᠡ | ᠰᠤᠷᠲᠠᠯ ᠢ ᠪᠤᠶ ᠪᠤᠯᠭᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠭᠤᠣᠯ ᠭᠦᠭ ᠠᠶᠠᠰ ᠢ | ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠴᠢᠨᠠᠭᠰᠢᠳᠠ ᠪᠣᠳᠠᠲᠠᠶᠢᠵᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ | ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠮᠵᠢ ᠶᠢ ᠦᠨᠡᠨ ᠬᠦ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ | ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠪᠦᠭᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ | ᠬᠥᠮᠦᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠠᠯ ᠢ ᠡᠷᠭᠢᠯᠡᠭᠰᠡᠨ | ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠮᠧᠩ ᠰᠢᠶᠠᠨ ᠳ᠋ᠦᠩ ︽ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠣᠳᠣᠬᠢᠴᠢᠯᠠᠭᠰᠠᠨ | ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ | ᠬᠠᠩᠭᠠᠬᠤ ᠬᠡᠷᠡᠭᠲᠡᠢ︾ ᠭᠡᠬᠦ ᠰᠡᠳᠦᠪ ᠢᠶᠠᠷ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠯᠤᠭ᠎ᠠ ᠤᠶᠠᠯᠳᠤᠭᠤᠯᠵᠤ᠂ | ᠬᠤᠷᠠᠯ ᠳᠤ ᠣᠷᠣᠯᠴᠠᠭᠰᠠᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠲᠡᠷᠡ᠂ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ︾ ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠶᠢᠲᠡᠯᠢᠭ ᠬᠡᠷᠡᠭ ᠤᠨ | ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠤᠬᠠᠮᠰᠠᠷ ᠠᠴᠠ ᠪᠠᠨ ᠤᠯᠤᠰ ᠲᠥᠷᠥ ᠶᠢᠨ ᠰᠠᠬᠢᠯᠭ᠎ᠠ ᠪᠠᠲᠤ ᠶᠢ ᠪᠠᠲᠤ | ᠰᠠᠬᠢᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠭᠢᠴᠢᠶᠠᠨᠬᠭᠦ᠋ᠢᠯᠡᠨ ᠰᠠᠬᠢᠵᠤ᠂ ᠠᠷᠢᠭᠤᠨ ᠴᠢᠬᠡᠴᠢ ᠶᠢᠨ | ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠣᠯᠠᠨ ᠲᠦᠮᠡᠨ ᠤ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠠᠵᠢᠯ ᠤᠨ | ᠰᠠᠬᠢᠯᠭ᠎ᠠ ᠪᠠᠲᠤ ᠶᠢ ᠪᠠᠲᠤ ᠰᠠᠬᠢᠵᠤ᠂ ᠠᠮᠢᠳᠤᠷᠠᠯ ᠤᠨ ᠰᠠᠬᠢᠯᠭ᠎ᠠ ᠪᠠᠲᠤ ᠶᠢ ᠬᠢᠴᠢᠶᠡᠨ ᠰᠠᠬᠢᠵᠤ᠂ ᠰᠠᠬᠢᠯᠭ᠎ᠠ ᠪᠠᠲᠤ ᠶᠢᠨ | ᠤᠬᠠᠮᠰᠠᠷ ᠢ ᠴᠢᠩᠭᠠᠳᠬᠠᠬᠤ᠂ ᠥᠪᠡᠷ ᠢ ᠪᠠᠨ ᠴᠢᠩᠭ᠎ᠠ ᠬᠢᠵᠠᠭᠠᠷᠯᠠᠵᠤ᠂ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ | ᠳᠤᠮᠳᠠ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠭᠦᠢᠴᠡᠳ ᠨᠢᠭᠲᠠᠷᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ | ᠴᠢᠩᠭ᠎ᠠ ᠪᠠᠲᠤᠯᠠᠭ᠎ᠠ ᠬᠠᠩᠭᠠᠵᠤ᠂ ᠨᠡᠩ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠬᠠᠪᠰᠤᠷᠤᠨ | ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠦᠷᠢᠮ︾ ᠤᠨ ᠲᠤᠬᠠᠢ ᠪᠦᠭᠦ ᠲᠠᠯ᠎ᠠ ᠪᠠᠷ ᠭᠦᠨᠵᠡᠭᠡᠢ ᠲᠠᠶᠢᠯᠤᠮᠵᠢ ᠬᠢᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ | ᠲᠣᠭᠤᠷᠢᠭ ᠤᠨ ᠺᠣᠮᠢᠰᠰᠠᠷ ᠶᠠᠩ ᠰᠢᠶᠣᠣ ᠺᠠᠩ ︽ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠴᠢᠬᠤᠯᠠ | ᠶᠡᠭᠡ ᠠᠴᠢ ᠬᠤᠯᠪᠣᠭᠳᠠᠯ ᠢ ᠲᠣᠳᠣᠷᠬᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠶᠢ | ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ | ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠠᠲᠤᠯᠠᠬᠤ︾ ᠭᠤᠷᠪᠠᠨ ᠲᠠᠯ᠎ᠠ ᠠᠴᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠪᠣᠳᠠᠲᠠᠢ ᠱᠠᠭᠠᠷᠳᠠᠯᠭ᠎ᠠ | ᠳᠤᠷᠠᠳᠪᠠ᠃ ᠶᠠᠩ ᠰᠢᠶᠣᠣ ᠺᠠᠩ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ | ᠥᠭᠬᠦ ᠳᠦᠷᠢᠮ﹀ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ | ᠴᠢᠰᠤᠨ ᠳᠠᠭᠠᠨ ᠭᠦᠨ ᠠᠭᠤᠰᠬᠠᠵᠤ᠂ ᠡᠷᠡᠰ ᠢᠶᠠᠷ ᠲᠡᠷᠢᠭᠦᠨ ᠳᠤ ᠲᠠᠯᠪᠢᠬᠤ︾ ᠭᠤᠣᠯ ᠰᠡᠳᠦᠪ ᠤᠨ ᠲᠣᠭᠤᠷᠢᠨ ᠳᠤ᠂ | ︽ᠰᠤᠷᠤᠯᠴᠠᠬᠤ ᠪᠠᠷ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠳᠣᠲᠣᠭᠠᠳᠤ ᠳᠠᠭᠠᠨ ᠨᠠᠮ ᠢ ᠬᠠᠮᠢᠶᠠᠷᠴᠤ ᠨᠠᠮ ᠢ | ᠵᠠᠰᠠᠬᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠡᠵᠡᠮᠳᠡᠬᠦ︔ ᠬᠡᠷᠡᠭ ᠢᠶᠠᠷ ᠲᠣᠯᠢ ᠪᠤᠯᠭᠠᠬᠤ ᠶᠢ ᠪᠠᠷᠢᠮᠲᠠᠯᠠᠵᠤ᠂ | ᠠᠰᠠᠭᠤᠳᠠᠯ ᠤᠨ ᠠᠷᠬᠠᠭ ᠭᠡᠮ ᠤᠨ ᠰᠢᠯᠲᠠᠭᠠᠨ ᠰᠤᠷᠭᠠᠮᠵᠢ ᠶᠢ ᠡᠷᠭᠢᠴᠡᠭᠦᠯᠦᠨ ᠪᠣᠳᠣᠯᠬᠢᠯᠠᠬᠤ︔ ᠰᠠᠬᠢᠯᠭ᠎ᠠ ᠪᠠᠲᠤ ᠪᠠᠷ | ᠵᠠᠰᠠᠯᠲᠠ ᠶᠢ ᠠᠬᠢᠭᠤᠯᠬᠤ ᠶᠢ ᠪᠠᠷᠢᠮᠲᠠᠯᠠᠵᠤ᠂ ᠪᠠᠷᠢᠮᠵᠢᠶ᠎ᠠ ᠶᠣᠰᠣᠭᠠᠷ ᠮᠡᠳᠡᠬᠦ ᠬᠢᠬᠦ ᠶᠢ ᠤᠶᠠᠯᠳᠤᠭᠤᠯᠬᠤ | ᠦᠢᠯᠡᠳᠦᠯᠭᠡ ᠶᠢᠨ ᠨᠠᠶᠢᠳᠠᠪᠤᠷᠢᠵᠢᠭᠤᠯᠤᠯᠲᠠ ᠶᠢ ᠡᠷᠢᠬᠦ︾ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ ᠬᠠᠪᠰᠤᠷᠤᠨ | ᠵᠢᠯᠤᠭᠤᠳᠴᠤ᠂ ᠪᠦᠭᠦ ᠨᠠᠮ ᠤᠨ ᠭᠡᠰᠢᠭᠦᠨ ᠪᠣᠯᠣᠨ ᠨᠠᠮ ᠳᠤ ᠣᠷᠣᠬᠤ ᠢᠳᠡᠪᠬᠢᠲᠡᠨ ᠤ ᠰᠠᠬᠢᠯᠭ᠎ᠠ ᠪᠠᠲᠤ ᠶᠢ | ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ | ᠰᠠᠬᠢᠬᠤ᠂ ᠰᠠᠬᠢᠯᠭ᠎ᠠ ᠪᠠᠲᠤ ᠶᠢᠨ ᠪᠠᠷᠢᠮᠵᠢᠶ᠎ᠠ ᠶᠢ ᠤᠬᠠᠮᠰᠠᠷ ᠠᠴᠠ ᠪᠠᠨ ᠰᠠᠶᠢᠲᠤᠷ ᠡᠵᠡᠮᠳᠡᠵᠦ᠂ ᠳᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ ᠶᠢ ᠬᠥᠲᠥᠯᠥᠨ | ᠵᠢᠯᠣᠭᠤᠳᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠦᠬᠠᠢ ᠬᠤᠳᠠ ᠳᠤ ᠦᠨᠳᠦᠰᠦᠨ ᠱᠠᠲᠤᠨ ᠤ | ᠨᠠᠮ ᠤᠨ ᠭᠡᠰᠢᠭᠦᠨ ᠺᠠᠳ᠋ᠷ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠬᠤ ᠶᠢᠨ ᠬᠠᠮᠲᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠵᠡᠷᠭᠡ ᠠᠵᠢᠯ ᠢ ᠴᠡᠭᠴᠡᠯᠡᠨ ᠵᠠᠰᠠᠪᠠ᠃ ᠬᠤᠸᠠᠩ ᡁᠢ | ᠴᠢᠶᠠᠩ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ | ᠨᠠᠮ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠬᠤ | ᠬᠡᠷᠡᠭᠲᠡᠢ᠃ ᠦᠨᠳᠦᠰᠦᠨ ᠱᠠᠲᠤᠨ ᠳᠤ ︽ᠬᠢᠵᠦ ᠪᠤᠯᠬᠤ︾᠂ ︽ᠦᠯᠦ ᠬᠢᠵᠦ ᠪᠤᠯᠬᠤ︾ ᠭᠡᠬᠦ ᠵᠠᠭᠠᠭ ᠱᠤᠭᠤᠮ ᠢ ᠢᠯᠭᠠᠨ | ᠲᠣᠳᠣᠷᠬᠠᠶᠢᠯᠠᠵᠤ᠂ ︽ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ︾ ᠪᠠ ︽ᠬᠥᠩᠭᠡᠯᠡᠬᠦ ᠶᠣᠰᠣᠲᠠᠢ ᠳᠠᠷᠤᠭᠠᠰᠤ᠂ | ᠳᠠᠷᠤᠭᠠᠰᠤ ᠶᠢ ᠨᠢ ᠬᠥᠩᠭᠡᠷᠡᠭᠦᠯᠬᠦ ᠠᠴᠠ ᠪᠢᠰᠢ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ︾ ᠶᠢ ᠣᠨᠣᠪᠴᠢᠲᠠᠶ | ᠡᠵᠡᠮᠳᠡᠬᠦ ᠬᠡᠷᠡᠭᠲᠡᠢ᠃ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ︽ᠵᠢᠵᠢᠭ ᠢᠶᠠᠷ ᠱᠠᠮᠰᠢᠵᠤ | ᠪᠠᠭ᠎ᠠ ᠪᠠᠷ ᠢᠯᠵᠠᠷᠠᠬᠤ︾ ᠶᠢ ᠡᠷᠡᠰ ᠵᠠᠯᠬᠠᠭᠠᠨ ᠰᠢᠢᠳᠬᠡᠵᠦ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ | ᠲᠥᠷᠥᠭᠳᠡᠯ ᠣᠯᠭᠤᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ ᠰᠠᠶᠢᠲᠤᠷ ᠠᠳᠬᠤᠵᠤ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠰᠡᠷᠡᠮᠵᠢᠯᠡᠭᠦᠯᠭᠦ | ᠬᠥᠮᠦᠵᠢᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠰᠠᠬᠢᠯᠭ᠎ᠠ ᠪᠠᠲᠤ ᠶᠢᠨ ᠨᠠᠮ ᠤᠨ | ᠬᠢᠴᠢᠶᠡᠯ ᠢ ᠡᠷᠭᠢᠯᠡᠨ ᠶᠠᠷᠢᠵᠠᠢ᠃ ᠯᠢ ᠢᠦᠢ ᠭᠠᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠤᠯᠬᠤ ᠶᠢ ᠲᠣᠳᠣᠷᠬᠠᠢ ᠣᠶᠢᠯᠠᠭᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠵᠢᠷᠭᠤᠭᠠᠨ ᠶᠡᠭᠡ ᠰᠠᠬᠢᠯᠭ᠎ᠠ ᠪᠠᠲᠤ ᠶᠢᠨ ᠲᠣᠭᠲᠠᠭᠠᠯ ᠱᠠᠭᠠᠷᠳᠠᠯᠭ᠎ᠠ ᠶᠢ ᠣᠨᠣᠪᠴᠢᠲᠠᠢ | ᠡᠵᠡᠮᠳᠡᠵᠦ᠂ ᠨᠠᠮ ᠤᠨ ᠭᠡᠰᠢᠭᠦᠨ ᠺᠠᠳ᠋ᠷ ᠤᠨ ᠶᠠᠭᠤ ᠬᠢᠵᠦ ᠪᠤᠯᠬᠤ ᠦᠭᠡᠢ ᠶᠢ ᠲᠣᠳᠣᠷᠬᠠᠢ ᠣᠶᠢᠯᠠᠭᠠᠵᠤ᠂ ᠤᠯᠤᠰ | ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠤᠰᠤ᠂ ᠵᠣᠬᠢᠶᠠᠨ ᠪᠠᠶᠢᠭᠤᠯᠤᠯᠲᠠ ᠳᠤ ᠬᠢᠵᠠᠭᠠᠷᠯᠠᠭᠳᠠᠬᠤ ᠦᠭᠡᠢ᠂ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ ᠬᠤᠪᠢ ᠶᠢᠨ ᠠᠰᠢᠭ ᠢ ᠬᠥᠭᠡᠭᠡᠴᠡᠯᠳᠦᠬᠦ᠂ ᠤᠯᠠᠨ ᠲᠦᠮᠡᠨ ᠠᠴᠠ | ᠬᠥᠨᠳᠡᠶᠢᠷᠡᠬᠦ ᠴᠢᠨᠠᠭᠰᠢᠯᠠᠪᠠᠯ ᠤᠯᠠᠨ ᠲᠦᠮᠡᠨ ᠲᠠᠢ ᠡᠰᠡᠷᠭᠦᠴᠡᠯᠳᠦᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠨᠢ ᠬᠦᠴᠦᠨ ᠦᠭᠡᠢ᠂ ᠶᠣᠰᠣ ᠮᠣᠷᠠᠯ ᠵᠢᠷᠤᠮᠵᠢᠯ ᠢᠶᠠᠨ ᠠᠯᠳᠠᠵᠤ ᠬᠠᠮᠢᠶᠠᠷᠤᠯᠲᠠ | ᠬᠥᠮᠦᠵᠢᠯ ᠢᠶᠠᠨ ᠠᠯᠳᠠᠬᠤ ᠵᠡᠷᠭᠡ ᠠᠰᠠᠭᠤᠳᠠᠯ ᠢ ᠡᠷᠡᠰ ᠰᠡᠷᠭᠡᠶᠢᠯᠡᠵᠦ᠂ ᠰᠠᠬᠢᠯᠭ᠎ᠠ ᠪᠠᠲᠤ ᠶᠢᠨ ᠬᠠᠲᠠᠭᠤ ᠴᠢᠩᠭ᠎ᠠ | ᠴᠢᠨᠠᠷ ᠪᠠ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ᠃ ︽ᠬᠤᠶᠠᠷ ᠬᠠᠷᠢᠴᠠᠯᠠᠰᠢᠭᠦᠢ︾ ᠴᠠᠭᠠᠷᠠᠭᠰᠠᠨ | ᠡᠩᠨᠡᠭᠡ ᠶᠢ ᠬᠦᠴᠦᠯᠡᠨ ᠳᠠᠪᠲᠠᠨ ᠪᠤᠯᠪᠠᠰᠤᠷᠠᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠰᠠᠬᠢᠯᠭ᠎ᠠ ᠪᠠᠲᠤ ᠶᠢ | ᠡᠷᠬᠢᠮᠯᠡᠨ ᠶᠣᠰᠣ ᠳᠦᠷᠢᠮ ᠢ ᠰᠠᠬᠢᠬᠤ ᠳᠤ ᠡᠷᠬᠡᠪᠰᠢ ᠶᠠᠭᠤ ᠶᠢ ᠰᠠᠶᠢᠲᠤᠷ ᠬᠢᠬᠦ ᠬᠡᠷᠡᠭᠲᠡᠢ ᠭᠡᠳᠡᠭ ᠢ ᠲᠣᠳᠣᠷᠬᠠᠢ | ᠣᠶᠢᠯᠠᠭᠠᠵᠤ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠰᠤᠷᠲᠠᠯ᠂ ᠠᠷᠢᠭᠤᠨ ᠴᠢᠬᠡᠴᠢ ᠬᠡᠪ ᠰᠤᠷᠲᠠᠯ ᠢᠶᠠᠷ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠬᠦᠦᠳᠠᠭᠤᠯᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠬᠦᠦᠳᠠᠭᠤᠯᠠ᠂ ᠪᠦᠭᠦ | ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠣᠯᠣᠨ᠎ᠠ᠃ ᠨᠠᠮ ᠤᠨ ᠰᠠᠬᠢᠯᠭ᠎ᠠ ᠪᠠᠲᠤ ᠶᠢ ᠴᠢᠨᠠᠭᠰᠢᠳᠠ ᠴᠢᠩᠳᠠᠯᠠᠵᠤ᠂ ᠲᠥᠪ ᠴᠢᠬᠡᠴᠢ ᠰᠤᠷᠲᠠᠯ ᠢᠶᠠᠷ ᠠᠵᠢᠯ ᠬᠢᠵᠦ | ᠦᠢᠯᠡᠰ ᠪᠣᠰᠬᠠᠬᠤ ᠤᠷᠮ᠎ᠠ ᠵᠣᠷᠢᠭ ᠢ ᠨᠢᠭᠲᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠶᠢᠷᠡᠭᠦᠯᠬᠦ ᠰᠢᠩᠭᠡᠭᠡᠬᠦ | ᠣᠨᠳᠣᠣᠰᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠭᠢᠶᠠᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠢᠭᠡᠳᠦᠮᠡᠯ ᠹᠷᠣᠨᠲ ᠤᠨ ᠺᠠᠳ᠋ᠷ ᠪᠣᠯᠣᠨ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠲᠤᠬᠠᠢ ᠴᠢᠬᠤᠯᠠ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ | ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ | ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ ᠢᠦᠢ ᠯᠢ ᠰᠢᠨ | ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠪᠠᠭ ᠤᠨ ᠪᠦᠷᠢᠯᠳᠦᠭᠦᠨ ᠪᠣᠯᠣᠨ ᠨᠠᠮ ᠤᠨ ᠬᠤᠷᠢᠶ᠎ᠠ ᠶᠢᠨ | ᠠᠯᠪᠠᠨ ᠲᠢᠩᠬᠢᠮ ᠤᠨ ᠡᠯ᠎ᠡ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠲᠤ ᠰᠠᠬᠢᠯᠭ᠎ᠠ ᠪᠠᠲᠤ ᠶᠢᠨ ᠨᠠᠮ ᠤᠨ | ᠬᠢᠴᠢᠶᠡᠯ ᠣᠷᠣᠪᠠ᠃ ᠢᠦᠢ ᠯᠢ ᠰᠢᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ | ᠤᠬᠠᠮᠰᠠᠷ ᠠᠴᠠ ᠪᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠤᠯᠤᠰ ᠲᠦᠷᠦ ᠶᠢᠨ ᠥᠨᠳᠥᠷᠴᠡ ᠠᠴᠠ ᠨᠠᠮ ᠤᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ | ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ ᠳᠤᠮᠳᠠ | ᠨᠢᠭᠡᠳᠦᠯᠲᠡᠢ ᠠᠵᠢᠯᠯᠠᠭ᠎ᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠨᠠᠭᠰᠢᠳᠠ ᠨᠢᠭᠲᠠᠷᠠᠭᠤᠯᠬᠤ ᠬᠡᠷᠡᠭᠲᠡᠢ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠢᠰᠲ᠋ᠧᠮ ᠲᠠᠢ | ᠪᠦᠭᠦ ᠲᠠᠯ᠎ᠠ ᠪᠠᠷ ᠰᠤᠷᠤᠯᠴᠠᠨ ᠡᠵᠡᠮᠰᠢᠵᠦ᠂ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ | ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠵᠦ᠂ ᠰᠠᠬᠢᠯᠭ᠎ᠠ ᠪᠠᠲᠤ ᠶᠢ ᠰᠠᠬᠢᠵᠤ᠂ ᠢᠯᠠᠩᠭᠤᠶ᠎ᠠ | ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠬᠤ ᠶᠢ ᠲᠡᠷᠢᠭᠦᠨ | ᠪᠠᠶᠢᠷᠢᠨ ᠳᠤ ᠲᠠᠯᠪᠢᠵᠤ᠂ ᠲᠡᠮᠦᠷ ᠮᠡᠲᠦ ᠰᠠᠬᠢᠯᠭ᠎ᠠ ᠪᠠᠲᠤ ᠶᠢ ᠦᠨᠡᠨ ᠬᠦ ᠡᠳᠦᠷ ᠲᠤᠲᠤᠮ ᠤᠨ ᠳᠠᠳᠬᠠᠯ ᠪᠠ | ᠤᠬᠠᠮᠰᠠᠷᠲᠤ ᠦᠶ᠋ᠯᠡ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠭ᠎ᠠ ᠶᠢᠨ | ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ | ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | | | |