ᠤᠯᠠᠭᠠᠢ ᠬᠠᠮᠢᠶᠠᠷᠤᠯᠲᠠ ᠶᠢᠨ ᠣᠷᠣᠨ ᠤ ᠡᠮᠡᠭᠲᠡᠶᠢᠴᠦᠳ ᠵᠠᠭᠤᠨ ᠨᠡᠷᠡᠰ ᠡᠮᠡᠭᠲᠡᠢ ᠬᠠᠤᠯᠢᠴᠢ ᠬᠥᠳᠡᠭᠡ ᠲᠣᠰᠬᠤᠨ ᠳᠤ ᠬᠠᠤᠯᠢ ᠪᠠᠷ ᠵᠠᠰᠠᠬᠤ ᠨᠡᠶᠢᠳᠡ ᠶᠢᠨ ᠠᠰᠠᠷᠠᠮᠵᠢ ᠶᠢᠨ ᠲᠣᠭᠤᠷᠢᠨ ᠲᠠᠶᠢᠯᠪᠤᠷᠢᠯᠠᠬᠤ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/5

    ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠣᠯᠠᠨ ᠲᠦᠮᠡᠨ ᠤ ᠬᠠᠤᠯᠢ ᠪᠠᠷ ᠵᠠᠰᠠᠬᠤ

ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ

ᠠᠰᠢᠭ ᠢ ᠦᠨᠡᠨᠬᠦ ᠬᠠᠮᠠᠭᠠᠯᠠᠬᠤ ᠶᠢᠨ ᠲᠥᠯᠥᠭᠡ 7 ᠰᠠᠷ᠎ᠠ ᠶᠢᠨ 4 ᠤ ᠡᠳᠦᠷ ᠤᠯᠠᠭᠠᠢ ᠬᠠᠮᠢᠶᠠᠷᠤᠯᠲᠠ ᠶᠢᠨ ᠣᠷᠣᠨ ᠤ

ᠡᠮᠡᠭᠲᠡᠶᠢᠴᠦᠳ ᠤᠨ ᠬᠤᠯᠪᠣᠭᠠᠲᠤ ᠬᠤᠷᠠᠯ ᠬᠡᠰᠡᠭ ᠠᠭᠤᠯᠠ ᠮᠠᠯᠵᠢᠯ ᠤᠨ ᠲᠠᠯᠠᠪᠠᠢ ᠶᠢᠨ ᠡᠷᠳᠡᠨᠢᠲᠣᠯᠣᠭᠠᠢ ᠬᠤᠪᠢᠶᠠᠷᠢ

ᠲᠠᠯᠠᠪᠠᠢ ᠳᠤ ᠵᠠᠭᠤᠨ ᠨᠡᠷᠡᠰ ᠡᠮᠡᠭᠲᠡᠢ ᠬᠠᠤᠯᠢᠴᠢ ᠬᠥᠳᠡᠭᠡ ᠲᠣᠰᠬᠤᠨ ᠳᠤ   ᠬᠠᠤᠯᠢ ᠪᠠᠷ ᠵᠠᠰᠠᠬᠤ ᠨᠡᠶᠢᠳᠡ ᠶᠢᠨ

ᠠᠰᠠᠷᠠᠮᠵᠢ ᠶᠢᠨ ᠲᠣᠭᠤᠷᠢᠨ ᠲᠠᠶᠢᠯᠪᠤᠷᠢᠯᠠᠵᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃

    ᠤᠯᠠᠭᠠᠢ ᠬᠠᠮᠢᠶᠠᠷᠤᠯᠲᠠ ᠶᠢᠨ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠰᠧᠯᠠᠢ ᠬᠠᠤᠯᠢᠴᠢ ᠶᠢᠨ ᠬᠡᠷᠡᠭ

ᠡᠷᠬᠢᠯᠡᠬᠦ ᠭᠠᠵᠠᠷ ᠤᠨ ᠨᠡᠷ᠎ᠡ ᠲᠦᠷᠦ ᠲᠠᠢ ᠡᠮᠡᠭᠲᠡᠢ ᠬᠠᠤᠯᠢᠴᠢ ᠰᠠᠨᠰᠠᠷ ᠬᠡᠰᠢᠭ ᠮᠠᠯᠵᠢᠯ ᠤᠨ ᠲᠠᠯᠠᠪᠠᠢ ᠶᠢᠨ

ᠡᠷᠳᠡᠨᠢᠲᠣᠯᠣᠭᠠᠢ  ᠬᠤᠪᠢᠶᠠᠷᠢ  ᠲᠠᠯᠠᠪᠠᠢ ᠳᠤ ᠬᠦᠷᠴᠦ᠂ ᠨᠢᠭᠡᠨ ᠤᠳᠠᠭᠠᠨ ᠤ ᠥᠪᠡᠷᠮᠢᠴᠡ ᠣᠨᠴᠠᠯᠢᠭ ᠲᠠᠢ ᠬᠠᠤᠯᠢ

ᠴᠠᠭᠠᠵᠠ ᠶᠢᠨ ᠤᠬᠠᠭᠤᠯᠭ᠎ᠠ ᠬᠢᠵᠡᠢ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ ᠰᠠᠨᠰᠠᠷ ᠬᠠᠤᠯᠢᠴᠢ

ᠥᠪᠡᠷ ᠤᠨ ᠲᠤᠰᠬᠠᠢ ᠮᠡᠷᠭᠡᠵᠢᠯ ᠤᠨ ᠮᠡᠳᠡᠯᠭᠡ ᠪᠠ ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ᠂

ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ

ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ

ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠢᠴᠢ ᠬᠤᠣᠷ ᠴᠠᠭᠠᠵᠠᠯᠠᠬᠤ᠂ ᠭᠠᠵᠢᠭᠤ ᠨᠣᠮᠯᠠᠯ ᠢ

ᠡᠰᠡᠷᠭᠦᠴᠡᠬᠦ᠂ ᠪᠡᠯᠭᠡ ᠶᠢᠨ ᠬᠠᠯᠳᠠᠯᠭ᠎ᠠ ᠶᠢ ᠡᠰᠡᠷᠭᠦᠴᠡᠬᠦ᠂ ᠬᠠᠤᠯᠢ ᠴᠠᠭᠠᠵᠠ ᠶᠢᠨ ᠲᠤᠰᠠᠯᠠᠮᠵᠢ᠂ ᠮᠡᠬᠡᠯᠡᠨ

ᠬᠤᠳᠠᠯᠳᠤᠬᠤ ᠶᠢ ᠰᠡᠷᠭᠡᠶᠢᠯᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠶᠤᠯᠭᠦᠢ ᠦᠢᠯᠡᠳᠪᠦᠷᠢᠯᠡᠯ

ᠵᠡᠷᠭᠡ ᠡᠮᠡᠭᠲᠡᠶᠢᠴᠦᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ

ᠲᠣᠭᠲᠠᠭᠠᠯ ᠤᠨ ᠮᠡᠳᠡᠯᠭᠡ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ

ᠤᠬᠠᠭᠤᠯᠤᠨ ᠲᠠᠶᠢᠯᠪᠤᠷᠢᠯᠠᠵᠤ᠂ ᠲᠡᠳᠡᠨ ᠢ ᠬᠠᠪᠰᠤᠷᠤᠨ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ᠂ ᠤᠴᠢᠷ

ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ

ᠠᠷᠢᠯᠭᠠᠬᠤ ᠳᠤ ᠬᠠᠤᠯᠢ ᠶᠢ ᠲᠦᠰᠢᠭᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠪᠡ᠃ ᠠᠵᠢᠯᠯᠠᠭ᠎ᠠ ᠳᠤ ᠡᠯ᠎ᠡ

ᠵᠦᠢᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 60 ᠭᠠᠷᠤᠢ ᠬᠤᠪᠢ᠂ ᠤᠬᠠᠭᠤᠯᠭ᠎ᠠ ᠶᠢᠨ ᠮᠠᠲ᠋ᠧᠷᠢᠶᠠᠯ ᠢ 20

ᠭᠠᠷᠤᠢ ᠬᠤᠪᠢ ᠲᠠᠷᠬᠠᠭᠠᠵᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ 5 ᠬᠥᠮᠥᠨ ᠤᠳᠠᠭ᠎ᠠ ᠬᠠᠷᠢᠭᠤᠯᠵᠤ

ᠥᠭᠴᠡᠢ᠃ ᠲᠣᠰ ᠤᠳᠠᠭᠠᠨ ᠤ ᠵᠠᠭᠤᠨ ᠡᠮᠡᠭᠲᠡᠢ ᠬᠠᠤᠯᠢᠴᠢ ᠶᠢᠨ ᠨᠡᠶᠢᠲᠡ ᠶᠢᠨ ᠠᠰᠠᠷᠠᠮᠵᠢ ᠶᠢᠨ ᠲᠣᠭᠤᠷᠢᠨ

ᠲᠠᠶᠢᠯᠤᠮᠵᠢ ᠬᠥᠳᠡᠭᠡ ᠲᠣᠰᠬᠤᠨ ᠳᠤ ᠣᠷᠣᠬᠤ ᠠᠵᠢᠯᠯᠠᠭ᠎ᠠ ᠨᠢ ᠣᠯᠠᠨ ᠳᠤ ᠬᠠᠤᠯᠢ ᠴᠠᠭᠠᠵᠠ ᠶᠢᠨ ᠮᠡᠳᠡᠯᠭᠡ ᠶᠢ

ᠲᠦᠭᠡᠮᠡᠯᠵᠢᠭᠦᠯᠵᠦ᠂ ᠲᠡᠳᠡᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ

ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ

ᠪᠠᠶᠢᠨ᠎ᠠ᠃

    ᠲᠠᠷᠠᠭᠠᠴᠢ ᠶᠢᠨ ᠠᠯᠬᠤᠮ ᠳᠤ᠂ ᠤᠯᠠᠭᠠᠶ ᠬᠠᠮᠢᠶᠠᠷᠤᠯᠲᠠ ᠶᠢᠨ ᠣᠷᠣᠨ ᠤ ᠡᠮᠡᠭᠲᠡᠶᠢᠴᠦᠳ ᠤᠨ ᠬᠤᠯᠪᠣᠭᠠᠲᠤ

ᠬᠤᠷᠠᠯ ᠦᠷᠭᠦᠯᠵᠢᠯᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠡᠷᠭᠢᠯᠡᠵᠦ᠂

ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠣᠯᠠᠨ ᠲᠦᠮᠡᠨ ᠳᠤ ᠬᠠᠤᠯᠢ ᠴᠠᠭᠠᠵᠠ ᠶᠢᠨ

ᠬᠠᠪᠰᠤᠷᠤᠯᠭ᠎ᠠ ᠪᠠ ᠦᠢᠯᠡᠴᠢᠯᠡᠭᠡ ᠬᠠᠩᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠳᠤ

ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号