ᠥᠪᠥᠷ ᠮᠣᠩᠭᠤᠯ ᠤᠨ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠪᠥᠬᠦ ᠤᠯᠤᠰ ᠲᠤ ᠲᠡᠷᠢᠭᠦᠯᠡᠪᠡ
ᠨᠡᠶᠢᠲᠡᠯᠡᠭᠰᠡᠨ ᠴᠠᠭ᠄
2024/7/5

    6 ᠳ᠋ᠤᠭᠠᠷ ᠰᠠᠷ᠎ᠠ ᠶᠢᠨ 29 ᠤ ᠡᠳᠦᠷ᠂ ᠪᠥᠬᠦ ᠣᠷᠣᠨ ᠤ ᠨᠤᠲᠤᠭ ᠪᠡᠯᠴᠢᠭᠡᠷ ᠤᠨ ᠠᠵᠢᠯ ᠤᠨ ᠶᠠᠷᠢᠯᠴᠠᠬᠤ

ᠬᠤᠷᠠᠯ ᠵᠢᠴᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ

ᠲᠤᠷᠰᠢᠯᠲᠠ ᠶᠢᠨ ᠴᠡᠭ ᠪᠠ ᠡᠪᠡᠰᠦᠨ ᠤ ᠠᠵᠤ ᠦᠢᠯᠡᠰ ᠤᠨ ᠠᠵᠢᠯ ᠢ ᠠᠬᠢᠭᠤᠯᠬᠤ ᠬᠤᠷᠠᠯ ᠠᠴᠠ

ᠣᠶᠢᠯᠠᠭᠠᠭᠰᠠᠨ ᠢᠶᠠᠷ᠂ 2023 ᠣᠨ ᠳᠤ᠂ ᠪᠥᠬᠦ ᠣᠷᠣᠨ ᠤ ᠡᠪᠡᠰᠦᠨ ᠤ ᠦᠷ᠎ᠡ ᠦᠷᠡᠵᠢᠭᠦᠯᠦᠨ ᠪᠣᠶᠢᠵᠢᠭᠤᠯᠬᠤ

ᠰᠠᠭᠤᠷᠢᠨ ᠤ ᠲᠠᠯᠠᠪᠠᠶ 26.5 ᠲᠦᠮᠡᠨ ᠮᠦ ᠳᠤ ᠬᠦᠷᠴᠦ᠂ ᠵᠢᠯ ᠤᠨ ᠦᠷ᠎ᠡ ᠦᠷᠡᠵᠢᠭᠦᠯᠬᠦ ᠴᠢᠳᠠᠪᠤᠷᠢ 500 ᠲᠦᠮᠡᠨ

ᠺᠢᠯᠣᠭ᠍ᠷᠠᠮ ᠢ ᠳᠠᠪᠠᠵᠠᠢ᠂ ᠬᠥᠮᠥᠨ ᠤ ᠬᠦᠴᠦ ᠪᠠᠷ ᠲᠠᠷᠢᠵᠤ ᠤᠷᠭᠤᠭᠤᠯᠤᠭᠰᠠᠨ ᠡᠪᠡᠰᠦ ᠪᠣᠷᠳᠤᠭ᠎ᠠ 2172 ᠲᠦᠮᠡᠨ

ᠮᠦ ᠳᠤ ᠬᠦᠷᠴᠦ᠂ ᠡᠯ᠎ᠡ ᠲᠥᠷᠥᠯ ᠤᠨ ᠲᠡᠵᠢᠭᠡᠯ ᠡᠪᠡᠰᠦ ᠪᠣᠷᠳᠣᠭᠠᠨ ᠤ ᠭᠠᠷᠤᠯᠲᠠ 7543 ᠲᠦᠮᠡᠨ ᠲᠣᠨ ᠳᠤ

ᠬᠦᠷᠴᠦ᠂ ᠡᠪᠡᠰᠦᠨ ᠤ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 802.1 ᠳ᠋ᠦᠩᠰᠢᠭᠤᠷ

ᠲᠥᠭᠦᠷᠢᠭ ᠲᠤ ᠬᠦᠷᠴᠦ᠂ ᠭᠠᠷᠤᠯᠲᠠ᠂ ᠦᠢᠯᠡᠳᠬᠦᠨ ᠤ ᠥᠷᠲᠡᠭ ᠴᠥᠮ ᠪᠥᠬᠦ ᠤᠯᠤᠰ ᠲᠤ ᠲᠡᠷᠢᠭᠦᠯᠡᠭᠰᠡᠨ ᠪᠠᠶᠢᠨ᠎ᠠ᠃

    ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠮᠠᠷᠠᠲᠤ ᠶᠢᠨ ᠭᠤᠷᠪᠠᠨ ᠣᠷᠣᠨ ᠤ ᠵᠢᠷᠭᠤᠳᠤᠭᠠᠷ

ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠵᠦ᠂ ᠨᠤᠲᠤᠭ

ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ

ᠠᠵᠢᠯ ᠢᠶᠠᠨ ᠲᠦᠷᠭᠡᠳᠬᠡᠨ ᠠᠬᠢᠭᠤᠯᠵᠤ᠂ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠪᠠᠨ ᠦᠷᠭᠦᠯᠵᠢᠯᠡᠨ ᠠᠬᠢᠭᠤᠯᠵᠤ᠂

ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠬᠤᠷᠢᠭᠯᠠᠬᠤ ᠪᠠᠨ ᠴᠢᠩᠭᠠᠳᠬᠠᠪᠠ᠃ ᠪᠦᠬᠦ

ᠣᠷᠣᠨ ᠳᠤ 7.31 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠵᠤ

ᠲᠣᠬᠢᠷᠠᠭᠤᠯᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ 791.9 ᠲᠦᠮᠡᠨ ᠮᠦ ᠡᠪᠡᠰᠦ

ᠳᠠᠷᠢᠵᠤ ᠰᠠᠶᠢᠵᠢᠷᠠᠭᠤᠯᠤᠭᠰᠠᠨ ᠡᠭᠦᠷᠭᠡ᠂ 50 ᠲᠦᠮᠡᠨ ᠮᠦ ᠡᠯᠡᠰᠦᠵᠢᠭᠰᠡᠨ ᠬᠢᠶᠠᠭ ᠤᠨ ᠪᠡᠯᠴᠢᠭᠡᠷ ᠢ ᠵᠠᠰᠠᠨ

ᠰᠡᠷᠭᠦᠭᠡᠭᠰᠡᠨ ᠡᠭᠦᠷᠭᠡ᠂ 92.19 ᠲᠦᠮᠡᠨ ᠮᠦ ᠬᠠᠷᠭᠠᠨ᠎ᠠ ᠲᠠᠷᠢᠵᠤ ᠰᠠᠶᠢᠵᠢᠷᠠᠭᠤᠯᠤᠭᠰᠠᠨ ᠬᠠᠳᠤᠯᠠᠩ  ᠪᠠ  ᠪᠣᠳᠠ

ᠮᠣᠳᠣᠨ ᠣᠶ ᠳᠠᠷᠢᠬᠤ ᠳᠤ ᠬᠠᠷᠭᠠᠨ᠎ᠠ ᠳᠠᠷᠢᠬᠤ ᠡᠭᠦᠷᠭᠡ ᠶᠢ  ᠪᠡᠶᠡᠯᠡᠭᠦᠯᠵᠦ᠂ 3377.38 ᠲᠦᠮᠡᠨ ᠮᠦ ᠨᠤᠲᠤᠭ

ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃

    ᠬᠤᠷᠠᠯ ᠳᠡᠭᠡᠷ᠎ᠡ᠂ ᠡᠯ᠎ᠡ ᠭᠠᠵᠠᠷ ᠣᠷᠣᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ

ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ

ᠲᠣᠭᠤᠷᠢᠨ ᠳᠤ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠡᠪᠡᠰᠦ ᠪᠡᠯᠴᠢᠭᠡᠷ ᠢᠶᠠᠨ ᠰᠠᠶᠢᠲᠤᠷ

ᠤᠷᠭᠤᠭᠤᠯᠬᠤ ᠮᠥᠷᠲᠡᠭᠡᠨ ᠪᠠᠰᠠ ᠮᠠᠯ ᠢᠶᠠᠨ ᠰᠠᠶᠢᠲᠤᠷ ᠬᠠᠮᠢᠶᠠᠷᠴᠤ᠂ ᠳᠠᠭᠠᠤ ᠳᠤ ᠨᠢ ᠲᠡᠷᠢᠭᠦᠨ ᠤ ᠲᠤᠷᠰᠢᠯᠭ᠎ᠠ ᠶᠢ

ᠴᠠᠭ ᠲᠤᠬᠠᠢ ᠳᠤ ᠨᠢ ᠳᠡᠯᠭᠡᠷᠡᠭᠦᠯᠦᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ︽ᠠᠮᠢᠳᠤ ᠵᠢᠱᠢᠶ᠎ᠡ︾ ᠪᠣᠯᠭᠠᠵᠤ᠂ ᠨᠤᠲᠤᠭ

ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠳᠤ ᠪᠠᠲᠤ

ᠪᠠᠬᠢ ᠰᠠᠭᠤᠷᠢ ᠲᠠᠯᠪᠢᠬᠤ ᠬᠡᠷᠡᠭᠲᠡᠢ᠃ ᠡᠭᠦᠨ ᠤ ᠬᠠᠮᠲᠤ᠂ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ

ᠰᠠᠯᠠᠭ᠎ᠠ ᠮᠥᠴᠢᠷ ᠯᠦᠭᠡ ᠨᠡᠪᠲᠡᠷᠡᠯᠴᠡᠬᠦ  ᠪᠠ  ᠮᠡᠳᠡᠭᠡ  ᠵᠠᠩᠭᠢ ᠶᠢ ᠬᠠᠮᠲᠤ ᠪᠠᠷ ᠬᠦᠷᠲᠡᠬᠦ ᠪᠠᠨ ᠴᠢᠩᠭᠠᠳᠬᠠᠵᠤ᠂

ᠲᠣᠰ ᠬᠠᠷᠢᠶ᠎ᠠ ᠣᠷᠣᠨ ᠤ ᠪᠠᠨ ᠡᠪᠡᠰᠦᠨ ᠤ ᠠᠵᠤ ᠦᠢᠯᠡᠰ ᠤᠨ ᠪᠠᠶᠢᠳᠠᠯ ᠢ ᠴᠠᠭ ᠲᠤᠬᠠᠢ ᠳᠤ ᠨᠢ ᠲᠣᠬᠢᠷᠠᠭᠤᠯᠤᠨ

ᠡᠵᠡᠮᠰᠢᠵᠦ᠂ ᠡᠪᠡᠰᠦᠨ ᠤ ᠠᠵᠤ ᠦᠢᠯᠡᠰ ᠤᠨ ᠠᠵᠤ ᠠᠬᠤᠶᠢᠯᠠᠯ ᠤᠳ ᠲᠠᠢ ᠬᠠᠷᠢᠯᠴᠠᠵᠤ ᠦᠢᠯᠡᠴᠢᠯᠡᠬᠦ

ᠪᠠᠶᠢᠩᠭᠤᠰᠢᠭᠰᠠᠨ ᠲᠣᠭᠲᠠᠯᠴᠠᠭ᠎ᠠ ᠶᠢ ᠪᠠᠶᠢᠭᠤᠯᠤᠨ᠂ ᠦᠨᠳᠦᠰᠦᠨ ᠪᠠᠶᠢᠳᠠᠯ ᠲᠣᠳᠣᠷᠬᠠᠢ ᠪᠠᠶᠢᠬᠤ ᠬᠡᠷᠡᠭᠲᠡᠢ ᠬᠡᠮᠡᠨ

ᠱᠠᠭᠠᠷᠳᠠᠵᠠᠢ᠃ ᠬᠤᠷᠠᠯ ᠳᠤ ᠪᠠᠰᠠ ᠤᠯᠤᠰ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ

ᠲᠠᠷᠬᠠᠭᠠᠬᠤ ᠶᠢ ᠴᠢᠨᠠᠭᠰᠢᠳᠠ ᠤᠯᠠᠮ ᠵᠢᠷᠤᠮᠵᠢᠭᠤᠯᠬᠤ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ

ᠠᠪᠤᠷᠠᠬᠤ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ

ᠰᠠᠶᠢᠲᠤᠷ ᠬᠢᠬᠦ ᠲᠠᠯ᠎ᠠ ᠪᠠᠷ ᠪᠠᠶᠢᠷᠢᠯᠠᠭᠤᠯᠵᠠᠢ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号