ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠪᠠ
ᠨᠡᠶᠢᠲᠡᠯᠡᠭᠰᠡᠨ ᠴᠠᠭ᠄
2024/7/5

    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠬᠠᠮᠤᠭ ᠤᠨ ᠰᠢᠨ᠎ᠡ ᠮᠡᠳᠡᠭᠡ᠄ ᠡᠨᠡ

ᠵᠢᠯ ᠤᠨ 1 — 5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ

ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠪᠥᠬᠦ ᠤᠯᠤᠰ ᠤᠨ

ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ

ᠳᠤᠮᠳᠠᠴᠢ ᠲᠦᠪᠰᠢᠨ ᠠᠴᠠ 1.0 ᠵᠠᠭᠤᠨ ᠤ ᠴᠡᠭ ᠥᠨᠳᠥᠷ ᠪᠣᠯᠪᠠ᠃

    ᠡᠨᠡ ᠵᠢᠯ ᠠᠴᠠ ᠨᠠᠭᠠᠰᠢ᠂ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠡᠯ᠎ᠡ ᠵᠦᠢᠯ ᠤᠨ

ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ

ᠠᠬᠢᠭᠤᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ

ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ

ᠠᠬᠢᠭᠤᠯᠪᠠ᠃

    ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠶᠢᠨ ᠬᠠᠮᠵᠢᠯᠴᠠᠭᠰᠠᠨ ᠬᠥᠭᠵᠢᠯᠲᠡ ᠠᠴᠠ ᠦᠵᠡᠪᠡᠯ᠂ 1 —

5 ᠳ᠋ᠤᠭᠠᠷ ᠰᠠᠷ᠎ᠠ ᠳᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ

ᠦᠷᠳᠡᠭ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ

ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ

ᠴᠡᠭ ᠥᠨᠳᠥᠷ ᠪᠣᠯᠪᠠ︔ ᠪᠥᠬᠦ ᠣᠷᠣᠨ ᠤ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ

ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ

 ᠬᠢ ᠠᠴᠠ 11.8% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ

ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 4.6 ᠵᠠᠭᠤᠨ ᠤ ᠴᠡᠭ ᠥᠨᠳᠥᠷ ᠪᠣᠯᠪᠠ︔ ᠪᠥᠬᠦ ᠣᠷᠣᠨ ᠤ

ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃

ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 37 ᠠᠵᠢᠯ ᠲᠥᠷᠥᠯ ᠤᠨ ᠳᠣᠲᠣᠷ᠎ᠠ᠂

26 ᠠᠵᠢᠯ ᠲᠥᠷᠥᠯ ᠤᠨ ᠨᠡᠮᠡᠭᠳᠡᠯ ᠥᠷᠲᠡᠭ  ᠨᠡᠮᠡᠭᠳᠡᠯ ᠢᠶᠠᠨ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 70.

3% ᠪᠣᠯᠣᠨ᠎ᠠ᠃

    ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ 1 — 5 ᠳ᠋ᠤᠭᠠᠷ

ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ

ᠨᠢᠳᠤᠨᠤᠨ ᠤ 4 ᠳ᠋ᠦ᠋ᠭᠡᠷ ᠰᠠᠷ᠎ᠠ ᠠᠴᠠ ᠨᠠᠭᠠᠰᠢᠬᠢ ᠬᠤᠶᠠᠷ ᠣᠷᠣᠨᠲᠤ ᠲᠣᠭᠠᠨ ᠤ ᠨᠡᠮᠡᠭᠳᠡᠯ ᠤᠨ ᠬᠠᠨᠳᠤᠰᠢ ᠶᠢ

ᠦᠷᠭᠦᠯᠵᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ

ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ ᠠᠳᠠᠯᠢ ᠬᠤᠭᠤᠴᠠᠭᠠᠨ ᠤ ᠬᠢ ᠠᠴᠠ 51.

3% ᠪᠠ 35.0% ᠪᠠᠷ ᠨᠡᠮᠡᠭᠳᠡᠵᠦ᠂ ᠲᠣᠰ ᠲᠣᠰ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ

ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ 44.1 ᠪᠠ 27.8 ᠵᠠᠭᠤᠨ ᠤ ᠴᠡᠭ

ᠥᠨᠳᠥᠷ ᠪᠣᠯᠪᠠ᠃ ᠰᠢᠨ᠎ᠡ ᠦᠢᠯᠡᠳᠬᠦᠨ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠷᠡᠨ

ᠡᠨᠧᠷᠭᠢ ᠶᠢᠨ ᠴᠡᠨᠡᠭ ᠦᠢᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.5 ᠳᠠᠬᠢᠨ ᠨᠡᠮᠡᠭᠳᠡᠵᠦ᠂

ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ

 ᠬᠢ ᠠᠴᠠ ᠲᠣᠰ ᠲᠣᠰ 62.1% ᠪᠠ 97.5% ᠪᠠᠷ ᠨᠡᠮᠡᠭᠳᠡᠵᠡᠢ᠃

    ᠡᠨᠧᠷᠭᠢ ᠶᠢᠨ ᠬᠠᠩᠭᠠᠯᠭ᠎ᠠ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠭᠦᠷᠡᠰᠦ

ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.

2% ᠢᠶᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ

ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠪᠥᠬᠦ ᠣᠷᠣᠨ ᠤ

ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ ᠨᠡᠶᠢᠲᠡ 2.8

ᠵᠠᠭᠤᠨ ᠤ ᠴᠡᠭ ᠨᠡᠮᠡᠭᠳᠡᠪᠡ᠃

    ᠠᠵᠢᠯ ᠲᠥᠷᠥᠯ ᠤᠨ ᠬᠥᠮᠥᠰ ᠤᠨ ᠵᠢᠭᠠᠵᠤ ᠭᠠᠷᠭᠠᠭᠰᠠᠨ ᠢᠶᠠᠷ᠂ ᠶᠡᠷᠦᠩᠬᠡᠢ ᠳᠤ ᠨᠢ ᠠᠪᠴᠤ ᠦᠵᠡᠪᠡᠯ᠂ 1 —

5 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠭᠰᠡᠨ

ᠪᠣᠯᠪᠠᠴᠤ ᠮᠥᠨ ᠬᠦ ᠨᠡᠮᠡᠭᠳᠡᠯ ᠤᠨ ᠬᠥᠳᠡᠯᠭᠡᠬᠦ ᠬᠦᠴᠦᠨ ᠴᠢᠩᠭ᠎ᠠ ᠪᠤᠰᠤ᠂ ᠪᠦᠲᠦᠮᠵᠢᠲᠦ ᠬᠡᠷᠡᠭᠴᠡᠭᠡ ᠬᠦᠷᠦᠯᠴᠡᠬᠦ

ᠦᠭᠡᠢ᠂ ᠠᠵᠤ ᠠᠬᠤᠶᠢᠯᠠᠯ ᠤᠨ ᠡᠵᠡᠩᠨᠡᠯᠲᠡ ᠳᠤ ᠵᠣᠬᠢᠬᠤ ᠳᠠᠷᠤᠯᠲᠠ ᠲᠠᠢ ᠪᠠᠶᠢᠬᠤ ᠵᠡᠷᠭᠡ ᠠᠰᠠᠭᠤᠳᠠᠯ ᠲᠤᠯᠭᠠᠷᠠᠵᠤ

ᠪᠠᠶᠢᠨ᠎ᠠ᠃ ᠳᠠᠷᠠᠭᠠᠴᠢ ᠪᠠᠷ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ  ᠵᠣᠷᠢᠭ  ᠰᠠᠨᠠᠭ᠎ᠠ ᠶᠢ

ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ

ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠡᠢ

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号