ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠠᠶᠠᠯᠠᠯ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠡᠭᠡ ᠬᠤᠷᠠᠯ ᠬᠢᠩᠭᠠᠨ ᠠᠶᠢᠮᠠᠭ ᠲᠤ ᠬᠤᠷᠠᠯᠳᠤᠪᠠ ᠶᠠᠩ ᠶᠢᠨ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2024/7/5

    7 ᠳ᠋ᠤᠭᠠᠷ ᠰᠠᠷ᠎ᠠ ᠶᠢᠨ 2 ᠤᠨ ᠡᠳᠦᠷ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ

ᠱᠤᠭᠤᠮ ᠤᠨ ᠠᠭᠠᠷ ᠠᠶᠠᠯᠠᠯ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠡᠭᠡ ᠬᠤᠷᠠᠯ ᠢ

ᠬᠢᠩᠭᠠᠨ ᠠᠶᠢᠮᠠᠭ ᠲᠤ ᠬᠤᠷᠠᠯᠳᠤᠭᠤᠯᠪᠠ᠃

    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠵᠤ ᠪᠠᠶᠠᠷ ᠤᠨ ᠦᠭᠡ

ᠬᠡᠯᠡᠵᠡᠢ᠃

    ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ︽ᠭᠤᠣᠯ ᠪᠠ ᠰᠠᠯᠪᠤᠷᠢ ᠱᠤᠭᠤᠮ ᠤᠨ ᠨᠡᠪᠲᠡᠷᠡᠯ᠂ ᠪᠦᠬᠦ

ᠲᠣᠣᠷ ᠤᠨ ᠬᠤᠯᠪᠣᠯᠳᠤᠯ︾ ᠢ ᠠᠬᠢᠭᠤᠯᠬᠤ ᠲᠣᠭᠤᠷᠢᠨ ᠳᠤ ᠳᠤᠮᠳᠠᠳᠤ ᠤᠯᠤᠰ ᠤᠨ ᠠᠷᠠᠳ ᠤᠨ ᠠᠭᠠᠷ ᠠᠶᠠᠯᠠᠯ ᠤᠨ

ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ  ᠰᠡᠳᠦᠪᠲᠦ  ᠶᠠᠷᠢᠶ᠎ᠠ ᠢᠯᠡᠳᠬᠡᠯ ᠬᠢᠵᠦ᠂ ᠲᠣᠭᠤᠷᠢᠭ

ᠰᠢᠷᠡᠭᠡᠨ ᠳᠤ ᠶᠠᠷᠢᠯᠴᠠᠵᠤ᠂ ᠰᠠᠯᠪᠤᠷᠢ ᠱᠤᠭᠤᠮ ᠤᠨ ᠠᠭᠠᠷ ᠠᠶᠠᠯᠠᠯ ᠤᠨ ᠬᠥᠭᠵᠢᠯᠲᠡ᠂ ᠠᠭᠠᠷ ᠠᠶᠠᠯᠠᠯ

ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠳᠤ ᠰᠡᠳᠬᠢᠮᠵᠢ ᠪᠠᠨ ᠥᠷᠭᠡᠳᠬᠡᠪᠡ᠃

    ᠶᠠᠩ ᠶᠢᠨ᠂ ᠥᠪᠥᠷ ᠮᠣᠩᠭᠤᠯ ᠠᠷᠠᠳ ᠤᠨ ᠠᠭᠠᠷ ᠠᠶᠠᠯᠠᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ︽ᠰᠠᠯᠪᠤᠷᠢ ᠱᠤᠭᠤᠮ ᠤᠨ ᠨᠡᠪᠲᠡᠷᠡᠯ︾ ᠤᠨ ᠲᠣᠣᠷ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂

︽ᠳᠠᠭᠤᠷᠢᠶᠠᠮᠠᠯ ᠠᠭᠠᠷ ᠠᠶᠠᠯᠠᠯ︾ ᠤᠨ ᠰᠢᠨ᠎ᠡ ᠶᠢ ᠡᠭᠦᠳᠴᠦ᠂ ︽ᠰᠠᠯᠪᠤᠷᠢ ᠱᠤᠭᠤᠮ ᠲᠦᠷᠭᠡᠨ ᠱᠤᠭᠤᠮ︾ ᠢ

ᠨᠢᠭᠲᠠᠷᠠᠭᠤᠯᠵᠤ᠂ ︽ᠭᠤᠣᠯ ᠪᠠ ᠰᠠᠯᠪᠤᠷᠢ ᠱᠤᠭᠤᠮ ᠬᠤᠯᠪᠤᠭᠠᠯᠠᠨ ᠬᠥᠳᠡᠯᠦᠯᠴᠡᠬᠦ︾ ᠶᠢ ᠴᠢᠩᠭᠠᠳᠬᠠᠨ᠎ᠠ᠃ ᠨᠡᠶᠢᠳᠡᠮ

ᠬᠡᠷᠡᠭᠯᠡᠭᠡᠨ ᠤ ᠠᠭᠠᠷ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠶᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ

ᠪᠣᠯᠭᠠᠨ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠠᠭᠠᠷ ᠠᠶᠠᠯᠠᠯ ᠤᠨ ᠵᠢᠭᠤᠯᠴᠢᠯᠠᠯ ᠢ

ᠠᠭᠤᠰᠤᠯᠴᠠᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠠᠭᠠᠷ ᠠᠶᠠᠯᠠᠯ ᠤᠨ ᠬᠦᠷᠢᠶᠡᠨ ᠳᠠᠬᠢ ᠰᠢᠨ᠎ᠡ

ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠶᠢᠵᠢᠭᠤᠯᠤᠨ᠎ᠠ ᠭᠡᠵᠦ ᠵᠢᠭᠠᠵᠤ ᠭᠠᠷᠭᠠᠪᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号