ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢᠨ ᠲᠠᠰᠢᠷᠠᠮ ᠢᠶᠠᠷ᠂ | ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠢᠬᠦ᠂ ᠶᠣᠰᠣᠯᠠᠯ ᠶᠠᠪᠤᠭᠳᠠᠭᠤᠯᠬᠤ᠂ | ᠭᠡᠷ ᠲᠤᠨᠢ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠮ ᠳᠤ ᠡᠯᠰᠡᠭᠳᠡᠭᠡᠳ 50 ᠵᠢᠯ | ᠪᠣᠯᠵᠤ᠂ ᠢᠮᠠᠭᠲᠠ ᠢᠯᠡᠷᠡᠯ ᠰᠠᠶᠢᠲᠠᠢ 1.29 ᠲᠦᠮᠡᠨ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ | ᠪᠣᠯᠤᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠪᠠ᠃ | ᠳᠤᠷᠠᠰᠬᠠᠯ ᠤᠨ ᠲᠡᠮᠳᠡᠭ ᠬᠦᠷᠲᠡᠭᠰᠡᠨ ᠠᠬᠠᠮᠠᠳ ᠨᠠᠮ ᠤᠨ ᠭᠡᠰᠢᠭᠦᠳ᠂ ︽ᠨᠠᠮ ᠤᠨ ᠭᠡᠰᠢᠭᠦᠨ ᠪᠣᠯᠤᠭᠰᠠᠨ | ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠳᠤ ᠥᠭᠭᠦᠭᠰᠡᠨ ᠬᠠᠶᠢᠷ᠎ᠠ ᠬᠠᠯᠠᠮᠵᠢ ᠶᠢ ᠳᠠᠮᠵᠢᠭᠤᠯᠵᠠᠢ᠂ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠤ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ | ᠨᠠᠮ ᠳᠤ ᠣᠷᠣᠬᠤ ᠲᠠᠩᠭᠠᠷᠢᠭ ᠢᠶᠠᠨ ᠦᠯᠦ ᠮᠠᠷᠲᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠡᠷᠡᠰ ᠭᠤᠶᠢᠪᠢᠰᠢ | ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠶᠢ ᠦᠢᠯᠡᠳᠦᠯᠭᠡᠵᠢᠭᠦᠯᠵᠦ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠪᠢᠴᠢᠭᠯᠡᠬᠦ ᠠᠬᠢᠴᠠ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ᠃ | | | |