ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠦᠢ ᠪᠦᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/5

    7 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ

ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ

ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ

︵ᠪᠦᠯᠦᠭᠯᠡᠯ︶ ᠤᠨ ᠬᠤᠪᠢ ᠡᠵᠡᠮᠳᠡᠭᠰᠡᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ

ᠤᠳᠤᠷᠢᠳᠬᠤ  ᠳᠤᠭᠤᠶᠢᠯᠠᠩ  ᠤᠨ ᠱᠦᠵᠢ ᠢᠦᠢ ᠰᠢᠦᠢ ᠪᠦᠸᠧ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ

ᠤᠯᠠᠨ ᠬᠦᠷᠢᠶᠡᠨ ᠤ  ᠬᠠᠮᠲᠤᠷᠠᠯᠴᠠᠭ᠎ᠠ ᠶᠢ  ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠮᠡᠨᠳᠦ᠂ ᠲᠣᠨᠣᠭᠯᠠᠯ ᠦᠢᠯᠡᠳᠬᠦ

ᠵᠡᠷᠭᠡ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ

ᠰᠣᠯᠢᠯᠴᠠᠪᠠ᠃

    ᠥᠪᠡᠷᠲᠡᠭᠡᠨ ᠵᠠᠰᠠᠬᠤ  ᠣᠷᠣᠨ ᠤ  ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ

ᠳᠠᠷᠤᠭ᠎ᠠ ᠢᠦᠢ ᠯᠢ ᠰᠢᠨ᠂ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ

ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᡁᠢ ᠴᠧᠩ

ᠠᠭᠤᠯᠵᠠᠯᠲᠠ ᠳᠤ ᠣᠷᠣᠯᠴᠠᠵᠠᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号