ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/8

    7 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ

ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ

ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂

ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ

ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ  ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ ᠭᠦᠨᠵᠡᠭᠡᠢ  ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠰᠢᠰᠲ᠋ᠧᠮᠳᠦ ᠰᠡᠳᠬᠢᠬᠦᠢ᠂ ᠰᠢᠨᠵᠢᠯᠡᠬᠦ

ᠤᠬᠠᠭᠠᠨᠴᠢ ᠠᠷᠭ᠎ᠠ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠬᠤ

ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ

ᠬᠦᠴᠦᠯᠡᠨ ᠴᠢᠩᠭᠠᠳᠬᠠᠵᠤ᠂ ᠳᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ

ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠪᠠᠨ

ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠦᠨᠡᠨ ᠬᠦ ᠴᠢᠩᠭᠠᠳᠬᠠᠵᠤ᠂ ᠦᠨᠳᠦᠰᠦᠨ

ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠠᠷᠠᠳ ᠤᠨ

ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂

ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ

ᠨᠢᠮᠪᠠᠢ ᠵᠢᠯᠤᠭᠤᠳᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ

ᠪᠠᠬᠢᠵᠢᠭᠦᠯᠦᠨ ᠥᠷᠭᠡᠳᠬᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ

ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ  ᠪᠠᠷᠢᠮᠲᠠᠯᠠᠵᠤ᠂ ︽ᠥᠪᠥᠷ ᠮᠣᠩᠭᠤᠯ ᠤᠨ ᠬᠠᠭᠤᠳᠠᠰᠤ︾᠎ ᠶᠢ

ᠰᠠᠶᠢᠲᠤᠷ ᠲᠣᠪᠤᠶᠢᠯᠭᠠᠨ ᠰᠤᠷᠤᠯᠴᠠᠬᠤ ᠬᠡᠷᠡᠭᠲᠡᠢ᠃ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ᠂

︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ︽ᠨᠢᠭᠡ ᠱᠤᠭᠤᠮ︾

᠎ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠪᠦᠲᠦᠮᠵᠢᠲᠡᠶ ᠠᠵᠢᠯ ᠤᠨ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂

ᠢᠯᠵᠠᠷᠠᠯ ᠣᠯᠠᠨ ᠡᠭᠦᠰᠬᠦ ᠬᠦᠷᠢᠶ᠎ᠡ ᠶᠢ ᠴᠢᠩᠭ᠎ᠠ ᠠᠩᠬᠠᠷᠴᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ

ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃

ᠨᠠᠮ ᠤᠨ ᠪᠠᠶᠢᠭᠤᠯᠤᠯᠲᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠣᠨᠣᠪᠴᠢᠲᠠᠢ ᠡᠷᠢᠨ

ᠣᠯᠵᠤ᠂ ᠥᠭᠡᠷᠡᠴᠢᠯᠡᠯᠲᠡ ᠶᠢᠨ ᠰᠡᠳᠬᠢᠬᠦᠢ ᠪᠠ ᠲᠣᠭᠲᠠᠴᠠ ᠶᠢᠨ ᠠᠷᠭ᠎ᠠ ᠪᠠᠷ ᠦᠨᠳᠦᠰᠦᠨ ᠠᠴᠠ ᠨᠢ ᠡᠮᠵᠡᠭ

ᠳᠤᠲᠠᠭᠳᠠᠯ ᠢ ᠵᠠᠯᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ  ᠴᠢᠬᠤᠯᠠᠴᠢᠯᠠᠪᠠ᠃

   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ

ᠵᠠᠷᠴᠢᠮ ᠢ ᠨᠡᠶᠢᠲᠡᠯᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ

ᠵᠠᠷᠴᠢᠮ ᠳᠤ ᠠᠭᠤᠯᠤᠭᠳᠠᠵᠤ ᠪᠠᠶᠢᠭ᠎ᠠ ᠥᠷᠲᠡᠭ ᠤᠨ ᠣᠶᠢᠯᠠᠭᠠᠭᠳᠠᠬᠤᠨ ᠢ ᠭᠠᠳᠠᠭᠠᠳᠤ ᠨᠡᠭᠡᠭᠡᠯᠲᠡ ᠶᠢᠨ ᠠᠵᠢᠯ ᠳᠤ

ᠦᠨᠡᠨ ᠬᠦ ᠬᠡᠷᠡᠭᠯᠡᠵᠦ᠂ ᠣᠷᠣᠰ᠂ ᠮᠣᠩᠭᠤᠯ ᠤᠯᠤᠰ ᠵᠡᠷᠭᠡ ︽ᠨᠢᠭᠡ  ᠪᠦᠰᠡ ᠨᠢᠭᠡ ᠵᠠᠮ︾ ᠳᠠᠭᠠᠤ ᠶᠢᠨ

ᠤᠯᠤᠰ ᠤᠳ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠶᠢᠨ ᠨᠥᠭᠦᠷᠰᠡᠭ ᠰᠣᠯᠢᠯᠴᠠᠭ᠎ᠠ ᠪᠣᠯᠣᠨ ᠪᠣᠳᠠᠲᠠᠢ ᠶᠢ

ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ

ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠭᠠᠳᠠᠭᠠᠳᠤ ᠬᠠᠷᠢᠯᠴᠠᠭᠠᠨ ᠤ

ᠶᠡᠭᠡ ᠲᠠᠯ᠎ᠠ ᠪᠣᠯᠣᠨ ᠨᠡᠭᠡᠭᠡᠯᠲᠡ ᠶᠢᠨ ᠪᠦᠭᠦ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ

ᠴᠢᠬᠤᠯᠠᠴᠢᠯᠠᠪᠠ᠃

     ᠬᠤᠷᠠᠯ ᠠᠴᠠ ︽ᠦᠨᠡᠨ︾ ᠰᠡᠳᠬᠦᠯ ᠤᠨ 2024 ᠣᠨ ᠤ 13 ᠳ᠋ᠤᠭᠠᠷ ᠬᠤᠭᠤᠴᠠᠭ᠎ᠠ ᠳᠤ ᠨᠡᠶᠢᠲᠡᠯᠡᠭᠰᠡᠨ

ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ

ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠦ᠂ ᠰᠢᠨ᠎ᠡ ᠵᠠᠮ ᠢ

ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠪᠠᠷ ᠭᠤᠣᠯᠳᠠᠭᠤᠯᠵᠤ᠂ ᠬᠤᠷᠴᠠ ᠴᠢᠩᠭ᠎ᠠ

ᠲᠡᠮᠡᠴᠡᠯ ᠤᠨ ᠵᠣᠷᠢᠭ ᠰᠠᠨᠠᠭ᠎ᠠ ᠪᠠᠷ ᠠᠵᠠ ᠲᠣᠭᠢᠶᠠᠯ ᠢ ᠠᠳᠬᠤᠵᠤ᠂ ᠬᠥᠭᠵᠢᠯᠲᠡ ᠶᠢ ᠠᠬᠢᠭᠤᠯᠵᠤ᠂ ᠠᠶᠤᠯ

ᠲᠦᠭᠰᠢᠭᠦᠷᠢ ᠶᠢ ᠰᠡᠷᠭᠡᠶᠢᠯᠡᠵᠦ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠠᠵᠢᠯ ᠤᠨ

ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠶᠠᠷ ᠶᠡᠭᠡ ᠶᠠᠪᠤᠳᠠᠯ ᠢ ᠨᠡᠩ ᠪᠦᠲᠦᠮᠵᠢᠲᠡᠢ ᠰᠠᠶᠢᠲᠤᠷ ᠬᠢᠵᠦ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠥᠪᠥᠷ ᠮᠣᠩᠭᠤᠯ ᠤᠨ

ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ

ᠪᠠᠶᠠᠷ ᠤᠨ ᠵᠠᠬᠢᠳᠠᠯ᠂ ᠵᠠᠬᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ

ᠪᠠᠶᠢᠳᠠᠯ ᠲᠠᠢ ᠤᠶᠠᠯᠳᠤᠭᠤᠯᠤᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ

ᠵᠣᠷᠢᠭᠵᠢᠭᠤᠯᠬᠤ᠂ ᠳᠤᠮᠳᠠᠳᠤ ᠠᠮᠧᠷᠢᠺᠠ ᠶᠢᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ

ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠪᠠ᠃

     ᠬᠤᠷᠠᠯ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ

ᠴᠢᠨᠠᠭᠰᠢᠳᠠ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾ ᠪᠣᠯᠣᠨ ︽︿ᠰᠣᠳᠣᠨ ᠴᠢᠳᠠᠪᠤᠷᠢᠲᠠᠨ ᠢᠶᠠᠷ ᠥᠪᠥᠷ

ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾

᠎ ᠢ ᠬᠢᠨᠠᠨ ᠵᠥᠪᠯᠡᠵᠦ᠂ ᠬᠤᠶᠠᠷ ᠪᠢᠴᠢᠭ  ᠮᠠᠲ᠋ᠧᠷᠢᠶᠠᠯ ᠢ  ᠨᠢᠭᠡᠳᠦᠯᠲᠡᠢ  ᠲᠥᠯᠥᠪᠵᠢᠭᠦᠯᠦᠨ

ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠯᠪᠣᠭᠳᠠᠯ ᠪᠦᠬᠦᠢ ᠲᠠᠯ᠎ᠠ ᠶᠢᠨ  ᠎ ᠬᠢᠨ ᠤ ᠵᠣᠬᠢᠴᠠᠭᠤᠯᠤᠨ ᠬᠦᠴᠦᠯᠡᠬᠦ᠂

ᠶᠡᠷᠦᠩᠬᠡᠶᠢᠯᠡᠨ ᠬᠦᠴᠦᠯᠡᠬᠦ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨ᠎ᠡ ᠶᠢ ᠡᠭᠦᠳᠬᠦ

ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠤᠶ

ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号