ᠣᠶᠢᠷ᠎ᠠ ᠳᠤ᠂ ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ | ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ᠂ ᠠᠵᠢᠯᠴᠢᠳ ᠦᠢᠯᠡᠳᠪᠦᠷᠢᠯᠡᠭᠰᠡᠨ ᠬᠥᠯᠳᠡᠭᠡᠭᠰᠡᠨ ᠲᠥᠮᠥᠰᠥᠨ | ᠵᠦᠰᠦᠮ ᠢᠶᠠᠨ ᠪᠣᠭᠤᠳᠠᠯᠯᠠᠨ ᠶᠠᠭᠠᠷᠠᠯᠳᠤᠵᠤ᠂ ᠡᠳᠡᠭᠡᠷ ᠲᠥᠮᠥᠰᠥᠨ ᠵᠦᠰᠦᠮ ᠢ ᠢᠨᠳᠤᠨᠧᠰᠢᠶ᠎ᠠ᠂ ᠹᠢᠯᠢᠫᠢᠨ ᠵᠡᠷᠭᠡ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠲᠤ ᠭᠠᠷᠭᠠᠬᠤ ᠪᠣᠯᠣᠨ᠎ᠠ᠃ | ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ | ᠬᠤᠷᠠᠯ ᠤᠨ ᠭᠡᠷ ᠲᠤ᠂ ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠠᠵᠢᠯᠲᠠᠳ ᠶᠠᠭ ᠠᠵᠤ ᠠᠬᠤᠶᠢᠯᠠᠯ ᠤᠨ | AEO ᠭᠡᠷᠡᠴᠢᠯᠡᠯ ᠤᠨ ᠡᠷᠡᠮᠡᠯᠵᠡᠯ ᠤᠨ ᠮᠠᠲ᠋ᠧᠷᠢᠶᠠᠯ ᠢ ᠬᠡᠷᠬᠢᠨ ᠲᠡᠭᠦᠯᠳᠡᠷᠵᠢᠭᠦᠯᠬᠦ ᠶᠢ ᠵᠢᠭᠠᠨ ᠵᠢᠯᠤᠭᠤᠳᠴᠤ᠂ ᠡᠨᠡ | ᠵᠢᠯ ᠳᠤ ᠠᠵᠤ ᠠᠬᠤᠶᠢᠯᠠᠯ ᠢ ᠬᠠᠪᠰᠤᠷᠤᠨ AEO ᠭᠡᠷᠡᠴᠢᠯᠡᠯ ᠢ ᠨᠢ ᠭᠦᠢᠴᠡᠳᠬᠡᠬᠦ ᠪᠠᠷ ᠴᠢᠷᠮᠠᠶᠢᠵᠤ ᠪᠠᠶᠢᠪᠠ᠃ | ᠭᠡᠷᠡᠴᠢᠯᠡᠯ ᠳᠠᠭᠤᠰᠤᠭᠰᠠᠨ ᠤ ᠲᠠᠷᠠᠭ᠎ᠠ ᠲᠣᠰ ᠠᠵᠤ ᠠᠬᠤᠶᠢᠯᠠᠯ ᠪᠣᠭᠤᠮᠲᠠ ᠪᠠᠷ ᠥᠩᠭᠡᠷᠡᠭᠦᠯᠬᠦ ᠶᠢ ᠳᠥᠭᠦᠮᠴᠢᠯᠡᠬᠦ | ᠨᠠᠩ ᠣᠯᠠᠨ ᠠᠷᠭ᠎ᠠ ᠬᠡᠮᠵᠢᠶ᠎ᠡ ᠶᠢᠨ ᠬᠠᠷᠠᠭᠠᠯᠵᠠᠯ ᠢ ᠭᠦᠷᠳᠡᠭᠦ ᠪᠣᠯᠣᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ | ᠬᠢᠵᠠᠭᠠᠷᠲᠤ ᠺᠣᠮᠫᠠᠨᠢ ᠪᠣᠯ ᠵᠡᠭᠦᠨ ᠦᠵᠦᠮᠦᠴᠢᠨ ᠬᠢᠯᠢ ᠶᠢᠨ ᠪᠣᠭᠤᠮᠲᠠ ᠶᠢᠨ ᠭᠤᠣᠯᠳᠠᠯᠭ᠎ᠠ ᠲᠠᠢ ᠬᠥᠭᠵᠢᠭᠦᠯᠦᠭᠰᠡᠨ | ᠲᠣᠯᠣᠭᠠᠶᠢᠯᠠᠭᠴᠢ ᠠᠵᠤ ᠠᠬᠤᠶᠢᠯᠠᠯ ᠪᠠᠶᠢᠵᠤ᠂ ᠡᠨᠡ ᠵᠢᠯ ᠤᠨ ᠲᠦᠷᠦᠭᠦᠤ 4 ᠰᠠᠷ᠎ᠠ ᠳᠤ᠂ ᠲᠣᠰ ᠠᠵᠤ | ᠠᠬᠤᠶᠢᠯᠠᠯ ᠤᠨ ᠬᠠᠷᠢᠶ᠎ᠠ ᠭᠠᠵᠠᠷ ᠤᠨ 6304 ᠲᠣᠨ ᠬᠥᠯᠳᠡᠭᠡᠭᠰᠡᠨ ᠲᠥᠮᠥᠰᠥᠨ ᠵᠦᠰᠦᠮ ᠢ ᠪᠠᠶᠢᠴᠠᠭᠠᠨ ᠰᠢᠯᠭᠠᠵᠤ | ᠪᠠᠶᠢᠴᠠᠭᠠᠨ ᠰᠢᠯᠭᠠᠭᠰᠠᠨ ᠬᠥᠯᠳᠡᠭᠡᠭᠰᠡᠨ ᠲᠥᠮᠥᠰᠥᠨ ᠵᠦᠰᠦᠮ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ | 69.4% ᠪᠠᠷ ᠨᠡᠮᠡᠭᠳᠡᠨ᠂ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠥᠪᠥᠷ ᠮᠣᠩᠭᠤᠯ ᠤᠨ ᠠᠢ ᠸᠧᠢ ᠺᠧ ᠬᠤᠩ ᠶᠤᠸᠠᠨ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ | ᠪᠦᠲᠦᠭᠡᠭᠳᠡᠬᠦᠨ ᠤ ᠳᠠᠭᠠᠭᠠᠮᠠᠯ ᠵᠣᠣ ᠶᠠᠨ ᠢᠯᠡᠷᠬᠡᠶᠢᠯᠡᠬᠦ ᠳᠡᠭᠡᠨ᠄ ︽ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠤᠨ | ᠬᠥᠯᠳᠡᠭᠡᠭᠰᠡᠨ ᠲᠥᠮᠥᠰᠥᠨ ᠵᠦᠰᠦᠮ ᠤᠨ ᠬᠡᠷᠡᠭᠴᠡᠭᠡ ᠲᠤᠩ ᠶᠡᠭᠡ ᠪᠠᠶᠢᠵᠤ᠂ ᠡᠨᠡ ᠬᠡᠳᠦᠨ ᠵᠢᠯ ᠵᠠᠬᠢᠶᠠᠯᠠᠭ᠎ᠠ ᠶᠢᠨ | ᠬᠡᠮᠵᠢᠶ᠎ᠡ ᠶᠡᠭᠡ ᠪᠠᠷ ᠨᠡᠮᠡᠭᠳᠡᠪᠡ᠂ ᠪᠢᠳᠡ ᠲᠠᠭᠢᠨ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ | ᠦᠢᠯᠡᠳᠪᠦᠷᠢᠯᠡᠯ ᠤᠨ ᠱᠤᠭᠤᠮ ᠵᠢᠴᠢ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ ᠥᠷᠭᠡᠳᠬᠡᠬᠦ ᠪᠠᠷ ᠲᠥᠯᠥᠪᠯᠡᠵᠦ | ᠪᠠᠶᠢᠨ᠎ᠠ᠂ ᠲᠣᠰ ᠦᠢᠯᠡᠳᠪᠦᠷᠢᠯᠡᠯ ᠤᠨ ᠱᠤᠭᠤᠮ ᠢ 2025 ᠣᠨ ᠳᠤ ᠠᠰᠢᠭᠯᠠᠯᠲᠠ ᠳᠤ ᠣᠷᠣᠭᠤᠯᠵᠤ ᠵᠢᠯ ᠳᠤ 15 | ᠲᠦᠮᠡᠨ ᠲᠣᠨ ᠬᠥᠯᠳᠡᠭᠡᠭᠰᠡᠨ ᠲᠥᠮᠥᠰᠥᠨ ᠵᠦᠰᠦᠮ ᠦᠢᠯᠡᠳᠪᠦᠷᠢᠯᠡᠬᠦ ᠴᠢᠳᠠᠪᠬᠢ ᠲᠠᠢ ᠪᠣᠯᠣᠨ᠎ᠠ︾ ᠭᠡᠪᠡ᠃ | ᠵᠡᠭᠦᠨ ᠦᠵᠦᠮᠦᠴᠢᠨ ᠬᠢᠯᠢ ᠶᠢᠨ ᠪᠣᠭᠤᠮᠲᠠ ᠣᠷᠣᠨ ᠪᠦᠰᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ | ︽ᠵᠠᠭᠤᠨ ᠬᠥᠮᠥᠨ ᠮᠢᠩᠭᠠᠨ ᠠᠵᠤ ᠠᠬᠤᠶᠢᠯᠠᠯ ᠲᠠᠢ ᠬᠤᠯᠪᠤᠭᠠᠯᠠᠨ ᠭᠠᠳᠠᠭᠠᠳᠤ ᠠᠷᠠᠯᠵᠢᠶ᠎ᠠ ᠶᠢ ᠠᠬᠢᠭᠤᠯᠬᠤ︾᠂ ︽ | ᠪᠣᠭᠤᠮᠲᠠ ᠶᠢᠨ ᠳᠠᠷᠤᠭ᠎ᠠ ᠲᠥᠷᠥ ᠶᠢᠨ ᠪᠣᠳᠣᠯᠭ᠎ᠠ ᠶᠢ ᠭᠡᠷ ᠲᠤ ᠨᠢ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠨ᠂ ᠣᠷᠣᠰᠢᠵᠤ ᠪᠠᠶᠢᠭ᠎ᠠ ᠬᠦᠴᠢᠷᠳᠡᠯ ᠢ ᠨᠢ | ᠰᠢᠢᠳᠪᠦᠷᠢᠯᠡᠪᠡ᠃ ᠲᠤᠬᠠᠶᠢᠯᠠᠭᠰᠠᠨ ᠠᠵᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠪᠠᠶᠢᠭᠤᠯᠵᠤ᠂ ︽ᠨᠢᠭᠡ | ᠭᠠᠷᠠᠭ ᠲᠤ ᠨᠢᠭᠡ ᠠᠬᠢᠭᠤᠯᠬᠤ︾᠂ ︽ᠰᠦᠯᠵᠢᠶᠡᠨ ᠳᠡᠭᠡᠷ᠎ᠡ ᠴᠠᠭ ᠲᠤᠬᠠᠢ ᠳᠤᠨᠢ ᠬᠠᠷᠢᠭᠤᠯᠲᠠ ᠥᠭᠬᠦ︾ ᠵᠡᠷᠭᠡ | ᠭᠡᠯᠪᠡᠷᠢ ᠪᠠᠷ ᠠᠵᠤ ᠠᠬᠤᠶᠢᠯᠠᠯ ᠤᠨ ᠬᠠᠮᠢᠶᠠᠷᠤᠯᠲᠠ ᠪᠠᠨ ᠰᠢᠯᠢᠳᠡᠭᠵᠢᠭᠦᠯᠬᠦ᠂ ᠠᠷᠠᠯᠵᠢᠶᠠᠨ ᠤ ᠠᠮᠤᠷ ᠲᠦᠪᠰᠢᠨ ᠤ | ᠬᠠᠮᠢᠶᠠᠷᠤᠯᠲᠠ ᠡᠵᠡᠮᠳᠡᠯ ᠢ ᠳᠡᠭᠡᠭᠰᠢᠯᠡᠭᠦᠯᠭᠦ ᠶᠢ ᠵᠢᠯᠣᠭᠤᠳᠤᠨ᠂ ᠬᠠᠷᠢᠶ᠎ᠠ ᠣᠷᠣᠨ ᠤ ᠠᠵᠤ ᠠᠬᠤᠶᠢᠯᠠᠯ ᠤᠨ | AEO ᠶᠢᠨ ᠭᠡᠷᠡᠴᠢᠯᠡᠯ ᠣᠯᠬᠤ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠬᠥᠯᠳᠡᠭᠡᠭᠰᠡᠨ ᠲᠥᠮᠥᠰᠥᠨ | ᠵᠦᠰᠦᠮ ᠢᠶᠠᠷ ᠲᠥᠯᠥᠭᠡᠯᠡᠭᠦᠯᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ | ᠭᠠᠷᠭᠠᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ ᠪᠠᠷ ᠬᠠᠷᠢᠶ᠎ᠠ ᠭᠠᠵᠠᠷ ᠤᠨ ᠪᠠᠶᠢᠴᠠᠭᠠᠨ | ᠰᠢᠯᠭᠠᠬᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠂ | ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠭᠠᠳᠠᠭᠠᠳᠤ ᠳᠤ | ᠭᠠᠷᠭᠠᠬᠤ ᠥᠪᠡᠷ ᠤᠨ ᠥᠷᠲᠡᠭ ᠢ ᠪᠠᠭᠤᠷᠠᠭᠤᠯᠬᠤ᠂ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ ᠶᠢ | ᠠᠬᠢᠭᠤᠯᠪᠠ᠃ | | |