ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/1

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ᠡᠳ᠋ ᠤᠨ ᠵᠠᠰᠠᠭ ᠤᠨ

ᠲᠢᠩᠬᠢᠮ ᠪᠠ ᠵᠡᠮᠳᠡᠭᠴᠦᠳ ᠤᠨ ᠬᠤᠯᠪᠣᠭᠠᠲᠤ ᠬᠤᠷᠠᠯ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠭᠠᠳ᠂ 7 ᠳ᠋ᠤᠭᠠᠷ

ᠰᠠᠷ᠎ᠠ ᠶᠢᠨ 1᠎ ᠤ ᠡᠳᠦᠷ ᠠᠴᠠ ᠡᠬᠢᠯᠡᠵᠦ᠂ᠵᠡᠮᠳᠡᠭᠴᠦᠳ ᠲᠤ ᠣᠯᠭᠤᠬᠤ ᠬᠤᠶᠠᠷ ᠵᠦᠢᠯ ᠤᠨ ᠨᠥᠬᠦᠪᠦᠷᠢ ᠶᠢᠨ

ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠢᠯᠤᠭᠤᠳᠬᠤ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠥᠨ

ᠨᠢᠵᠡᠭᠡᠳ ᠲᠤ ᠰᠠᠷ᠎ᠠ ᠳᠤ 100 ᠲᠥᠭᠦᠷᠢᠭ ᠣᠯᠭᠤᠵᠤ ᠪᠠᠶᠢᠭᠰᠠᠨ ᠠᠴᠠ 125 ᠲᠥᠭᠦᠷᠢᠭ ᠣᠯᠭᠤᠬᠤ ᠪᠠᠷ

ᠲᠣᠭᠲᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ

6346 ᠲᠦᠮᠡᠨ ᠲᠥᠭᠦᠷᠢᠭ ᠤᠨ ᠪᠡᠯᠡ ᠮᠥᠩᠭᠦ ᠎ ᠶᠢ  ᠨᠢᠭᠡᠨᠲᠡ  ᠪᠦᠬᠦᠨ ᠎ ᠢᠶᠠᠷ ᠨᠢ ᠳᠣᠷᠣᠭᠰᠢ ᠪᠠᠭᠤᠯᠭᠠᠨ

ᠨᠠᠶᠢᠳᠠᠪᠤᠷᠢᠵᠢᠭᠤᠯᠵᠤ᠂ 34.2 ᠲᠦᠮᠡᠨ ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠪᠠ 31 ᠲᠦᠮᠡᠨ ᠬᠦᠨᠳᠦ

ᠳᠡᠰ ᠤᠨ ᠵᠡᠮᠳᠡᠭᠴᠦᠳ ᠲᠤ ᠠᠰᠢᠭ ᠬᠦᠷᠲᠡᠭᠡᠪᠡ᠃ ︵ᠠᠷᠠᠳ ᠤᠨ ᠶᠠᠪᠤᠳᠠᠯ ᠤᠨ ᠲᠢᠩᠬᠢᠮ︶  

    7 ᠳ᠋ᠤᠭᠠᠷ ᠰᠠᠷ᠎ᠠ ᠶᠢᠨ 29᠎ ᠤ ᠡᠳᠦᠷ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢ ᠥᠪᠥᠷ

ᠮᠣᠩᠭᠤᠯ ᠤᠨ ᠵᠥᠩ ᠶᠠᠨ ᠰᠢᠩ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠯᠤᠭ᠎ᠠ ᠵᠥᠩ ᠶᠠᠨ ᠰᠢᠩ

ᠱᠧᠩ ᠭᠡᠷᠡᠯᠴᠢ ᠴᠡᠨᠡᠭ ᠤᠨ ᠠᠵᠤ ᠦᠢᠯᠡᠰ ᠢ ᠬᠦᠷᠢᠶᠡᠯᠡᠩ ᠳᠤ ᠣᠷᠣᠭᠤᠯᠬᠤ ᠵᠥᠪᠯᠡᠯᠴᠡᠭᠡᠷ ᠲᠤ ᠭᠠᠷ ᠤᠨ ᠥᠰᠥᠭ

ᠵᠢᠷᠤᠵᠤ᠂ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠵᠢᠯ ᠳᠤ 4GW᠎ ᠤᠨ ᠭᠡᠷᠡᠯᠴᠢ ᠴᠡᠨᠡᠭ ᠤᠨ

ᠲᠣᠨᠣᠭᠯᠠᠯ᠂ 15 ᠲᠦᠮᠡᠨ ᠲᠣᠨ ᠤ ᠭᠡᠷᠡᠯᠴᠢ ᠴᠡᠨᠡᠭ ᠤᠨ ᠰᠥᠷᠦ᠂ 500 ᠲᠣᠨ ᠤ ᠨᠠᠨᠤ᠋ ᠬᠤᠪᠣᠷ ᠲᠡᠮᠦᠷᠯᠢᠭ ᠤᠨ

ᠬᠠᠶᠢᠯᠤᠰᠢ ᠦᠢᠯᠡᠳᠪᠦᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠃ ︵ᠤᠯᠠᠭᠠᠨᠴᠠᠪ

ᠬᠤᠳᠠ ᠶᠢᠨ ᠵᠠᠰᠠᠭ ᠤᠨ ᠣᠷᠳᠣᠨ︶

    7 ᠳ᠋ᠤᠭᠠᠷ ᠰᠠᠷ᠎ᠠ ᠶᠢᠨ 29᠎ ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠨᠡᠶᠢᠲᠡᠯᠡᠯ ᠢᠶᠠᠷ᠂ ᠪᠥᠬᠦ

ᠤᠯᠤᠰ ᠤᠨ 15 ᠬᠤᠲᠠ ᠨᠢᠭᠡ ᠮᠥᠴᠡ ᠶᠢᠨ ᠬᠤᠭᠤᠴᠠᠭ᠎ᠠ ᠲᠠᠢ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ

ᠲᠣᠭᠤᠷᠢᠭ ᠤᠨ ᠪᠦᠬᠦ ᠬᠡᠪᠴᠢᠶᠡᠨ ᠤ ᠲᠤᠷᠰᠢ ᠲᠦᠯᠬᠢᠨ ᠠᠬᠢᠭᠤᠯᠬᠤ ᠪᠠᠷ ᠪᠣᠯᠤᠭᠰᠠᠨ ᠠᠩᠬᠠᠳᠠᠭᠴᠢ ᠪᠦᠯᠦᠭ ᠤᠨ

ᠤᠷᠢᠳ ᠢᠶᠠᠷ ᠬᠡᠷᠡᠭᠵᠢᠭᠦᠯᠬᠦ ᠣᠷᠣᠨ ᠤ ᠲᠤᠷᠰᠢᠯᠲᠠ ᠶᠢᠨ ᠴᠡᠭ ᠢᠶᠠᠷ ᠰᠣᠩᠭᠤᠭᠳᠠᠵᠤ᠂ ᠦᠬᠠᠢ ᠬᠤᠲᠠ ᠨᠢ ᠮᠠᠨ ᠤ

ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠬᠤᠲᠠ ᠪᠠᠶᠢᠪᠠ᠃ ︵ᠦᠬᠠᠢ ᠬᠤᠳᠠ ᠶᠢᠨ ᠵᠠᠰᠠᠭ ᠤᠨ ᠣᠷᠳᠣᠨ︶

    7 ᠳ᠋ᠤᠭᠠᠷ ᠰᠠᠷ᠎ᠠ ᠶᠢᠨ 30᠎ ᠤ ᠡᠳᠦᠷ᠂ ᠬᠡᠰᠢᠭᠲᠡᠨ ᠬᠤᠰᠢᠭᠤᠨ ᠤ ᠰᠢᠩ ᠯᠦᠩ 20 20ᠲᠦᠮᠡᠨ

ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠠᠩᠬᠠᠳᠠᠭᠴᠢ ᠰᠠᠤᠷᠢ 10 ᠮᠧᠭ᠎ᠠ

ᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠳᠡᠭᠦᠵᠢᠯᠡᠨ ᠤᠭᠰᠠᠷᠠᠪᠠ᠃ ᠲᠣᠰ ᠲᠥᠷᠥᠯ

ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 9.2 ᠳ᠋ᠦᠩᠰᠢᠭᠤᠷ ᠲᠥᠭᠦᠷᠢᠭ ᠲᠤ ᠬᠦᠷᠴᠦ᠂ ᠥᠨᠥ ᠵᠢᠯ ᠳᠤ

ᠰᠦᠯᠵᠢᠶᠡᠨ ᠳᠤ ᠨᠡᠶᠢᠯᠡᠭᠦᠯᠬᠦ ᠪᠠᠷ ᠲᠥᠯᠥᠪᠯᠡᠵᠦ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ

ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 5.6 ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠣᠨ᠎ᠠ᠃

︵ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号