ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/1

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ᠡᠳ᠋ ᠤᠨ ᠵᠠᠰᠠᠭ ᠤᠨ

ᠲᠢᠩᠬᠢᠮ ᠪᠠ ᠵᠡᠮᠳᠡᠭᠴᠦᠳ ᠤᠨ ᠬᠤᠯᠪᠣᠭᠠᠲᠤ ᠬᠤᠷᠠᠯ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠭᠠᠳ᠂ 7 ᠳ᠋ᠤᠭᠠᠷ

ᠰᠠᠷ᠎ᠠ ᠶᠢᠨ 1 ᠤ ᠡᠳᠦᠷ ᠠᠴᠠ ᠡᠬᠢᠯᠡᠵᠦ᠂ᠵᠡᠮᠳᠡᠭᠴᠦᠳ ᠲᠤ ᠣᠯᠭᠤᠬᠤ ᠬᠤᠶᠠᠷ ᠵᠦᠢᠯ ᠤᠨ ᠨᠥᠬᠦᠪᠦᠷᠢ ᠶᠢᠨ

ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠢᠯᠤᠭᠤᠳᠬᠤ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠥᠨ

ᠨᠢᠵᠡᠭᠡᠳ ᠲᠤ ᠰᠠᠷ᠎ᠠ ᠳᠤ 100 ᠲᠥᠭᠦᠷᠢᠭ ᠣᠯᠭᠤᠵᠤ ᠪᠠᠶᠢᠭᠰᠠᠨ ᠠᠴᠠ 125 ᠲᠥᠭᠦᠷᠢᠭ ᠣᠯᠭᠤᠬᠤ ᠪᠠᠷ

ᠲᠣᠭᠲᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ

6346 ᠲᠦᠮᠡᠨ ᠲᠥᠭᠦᠷᠢᠭ ᠤᠨ ᠪᠡᠯᠡ ᠮᠥᠩᠭᠦ  ᠶᠢ  ᠨᠢᠭᠡᠨᠲᠡ  ᠪᠦᠬᠦᠨ  ᠢᠶᠠᠷ ᠨᠢ ᠳᠣᠷᠣᠭᠰᠢ ᠪᠠᠭᠤᠯᠭᠠᠨ

ᠨᠠᠶᠢᠳᠠᠪᠤᠷᠢᠵᠢᠭᠤᠯᠵᠤ᠂ 34.2 ᠲᠦᠮᠡᠨ ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠪᠠ 31 ᠲᠦᠮᠡᠨ ᠬᠦᠨᠳᠦ

ᠳᠡᠰ ᠤᠨ ᠵᠡᠮᠳᠡᠭᠴᠦᠳ ᠲᠤ ᠠᠰᠢᠭ ᠬᠦᠷᠲᠡᠭᠡᠪᠡ᠃ ︵ᠠᠷᠠᠳ ᠤᠨ ᠶᠠᠪᠤᠳᠠᠯ ᠤᠨ ᠲᠢᠩᠬᠢᠮ︶  

    7 ᠳ᠋ᠤᠭᠠᠷ ᠰᠠᠷ᠎ᠠ ᠶᠢᠨ 29 ᠤ ᠡᠳᠦᠷ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠨᠢ ᠥᠪᠥᠷ

ᠮᠣᠩᠭᠤᠯ ᠤᠨ ᠵᠥᠩ ᠶᠠᠨ ᠰᠢᠩ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠯᠤᠭ᠎ᠠ ᠵᠥᠩ ᠶᠠᠨ ᠰᠢᠩ

ᠱᠧᠩ ᠭᠡᠷᠡᠯᠴᠢ ᠴᠡᠨᠡᠭ ᠤᠨ ᠠᠵᠤ ᠦᠢᠯᠡᠰ ᠢ ᠬᠦᠷᠢᠶᠡᠯᠡᠩ ᠳᠤ ᠣᠷᠣᠭᠤᠯᠬᠤ ᠵᠥᠪᠯᠡᠯᠴᠡᠭᠡᠷ ᠲᠤ ᠭᠠᠷ ᠤᠨ ᠥᠰᠥᠭ

ᠵᠢᠷᠤᠵᠤ᠂ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠵᠢᠯ ᠳᠤ 4GW ᠤᠨ ᠭᠡᠷᠡᠯᠴᠢ ᠴᠡᠨᠡᠭ ᠤᠨ

ᠲᠣᠨᠣᠭᠯᠠᠯ᠂ 15 ᠲᠦᠮᠡᠨ ᠲᠣᠨ ᠤ ᠭᠡᠷᠡᠯᠴᠢ ᠴᠡᠨᠡᠭ ᠤᠨ ᠰᠥᠷᠦ᠂ 500 ᠲᠣᠨ ᠤ ᠨᠠᠨᠤ᠋ ᠬᠤᠪᠣᠷ ᠲᠡᠮᠦᠷᠯᠢᠭ ᠤᠨ

ᠬᠠᠶᠢᠯᠤᠰᠢ ᠦᠢᠯᠡᠳᠪᠦᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠃ ︵ᠤᠯᠠᠭᠠᠨᠴᠠᠪ

ᠬᠤᠳᠠ ᠶᠢᠨ ᠵᠠᠰᠠᠭ ᠤᠨ ᠣᠷᠳᠣᠨ︶

    7 ᠳ᠋ᠤᠭᠠᠷ ᠰᠠᠷ᠎ᠠ ᠶᠢᠨ 29 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠨᠡᠶᠢᠲᠡᠯᠡᠯ ᠢᠶᠠᠷ᠂ ᠪᠥᠬᠦ

ᠤᠯᠤᠰ ᠤᠨ 15 ᠬᠤᠲᠠ ᠨᠢᠭᠡ ᠮᠥᠴᠡ ᠶᠢᠨ ᠬᠤᠭᠤᠴᠠᠭ᠎ᠠ ᠲᠠᠢ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ

ᠲᠣᠭᠤᠷᠢᠭ ᠤᠨ ᠪᠦᠬᠦ ᠬᠡᠪᠴᠢᠶᠡᠨ ᠤ ᠲᠤᠷᠰᠢ ᠲᠦᠯᠬᠢᠨ ᠠᠬᠢᠭᠤᠯᠬᠤ ᠪᠠᠷ ᠪᠣᠯᠤᠭᠰᠠᠨ ᠠᠩᠬᠠᠳᠠᠭᠴᠢ ᠪᠦᠯᠦᠭ ᠤᠨ

ᠤᠷᠢᠳ ᠢᠶᠠᠷ ᠬᠡᠷᠡᠭᠵᠢᠭᠦᠯᠬᠦ ᠣᠷᠣᠨ ᠤ ᠲᠤᠷᠰᠢᠯᠲᠠ ᠶᠢᠨ ᠴᠡᠭ ᠢᠶᠠᠷ ᠰᠣᠩᠭᠤᠭᠳᠠᠵᠤ᠂ ᠦᠬᠠᠢ ᠬᠤᠲᠠ ᠨᠢ ᠮᠠᠨ ᠤ

ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠬᠤᠲᠠ ᠪᠠᠶᠢᠪᠠ᠃ ︵ᠦᠬᠠᠢ ᠬᠤᠳᠠ ᠶᠢᠨ ᠵᠠᠰᠠᠭ ᠤᠨ ᠣᠷᠳᠣᠨ︶

    7 ᠳ᠋ᠤᠭᠠᠷ ᠰᠠᠷ᠎ᠠ ᠶᠢᠨ 30 ᠤ ᠡᠳᠦᠷ᠂ ᠬᠡᠰᠢᠭᠲᠡᠨ ᠬᠤᠰᠢᠭᠤᠨ ᠤ ᠰᠢᠩ ᠯᠦᠩ 20 20ᠲᠦᠮᠡᠨ

ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠠᠩᠬᠠᠳᠠᠭᠴᠢ ᠰᠠᠤᠷᠢ 10 ᠮᠧᠭ᠎ᠠ

ᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠳᠡᠭᠦᠵᠢᠯᠡᠨ ᠤᠭᠰᠠᠷᠠᠪᠠ᠃ ᠲᠣᠰ ᠲᠥᠷᠥᠯ

ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 9.2 ᠳ᠋ᠦᠩᠰᠢᠭᠤᠷ ᠲᠥᠭᠦᠷᠢᠭ ᠲᠤ ᠬᠦᠷᠴᠦ᠂ ᠥᠨᠥ ᠵᠢᠯ ᠳᠤ

ᠰᠦᠯᠵᠢᠶᠡᠨ ᠳᠤ ᠨᠡᠶᠢᠯᠡᠭᠦᠯᠬᠦ ᠪᠠᠷ ᠲᠥᠯᠥᠪᠯᠡᠵᠦ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ

ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ 5.6 ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠣᠨ᠎ᠠ᠃

︵ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号