ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠂ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ | ᠬᠦᠴᠦᠨ ᠮᠥᠨ᠃ ᠤᠯᠠᠭᠠᠢ ᠬᠠᠮᠢᠶᠠᠷᠤᠯᠲᠠ ᠶᠢᠨ ᠣᠷᠣᠨ ᠠᠴᠠ ︽ᠴᠢᠳᠠᠪᠤᠷᠢᠲᠠᠨ ᠢᠶᠠᠷ ᠣᠷᠣᠨ ᠢᠶᠠᠨ | ᠬᠦᠴᠦᠷᠬᠡᠭᠵᠢᠭᠦᠯᠬᠦ︾ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ︽ᠱᠦᠵᠢ ᠶᠢᠨ ᠲᠦᠷᠦᠯ ᠵᠦᠢᠯ︾ ᠢᠶᠠᠷ | ᠭᠠᠷᠳᠠᠴᠠ ᠪᠣᠯᠭᠠᠵᠣ᠂ ᠴᠢᠳᠠᠪᠤᠷᠢᠲᠠᠨ ᠤ ᠠᠵᠢᠯ ᠤᠨ ︽ᠬᠠᠷᠢᠭᠤᠴᠠᠯᠭ᠎ᠠ ᠶᠢᠨ ᠲᠠᠷᠢᠶ᠎ᠠ︾ ᠶᠢ ᠭᠦᠨᠵᠡᠭᠡᠢ ᠡᠷᠬᠢᠯᠡᠵᠣ᠂ | ᠴᠢᠳᠠᠪᠤᠷᠢᠲᠠᠨ ᠴᠤᠭᠯᠠᠭᠤᠯᠬᠤ ᠰᠢᠨ᠎ᠡ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠠᠶᠢᠭᠤᠯᠤᠨ᠂ ︽ᠲᠠᠪᠤᠨ ᠶᠡᠭᠡ | ᠡᠭᠦᠷᠭᠡ︾ ᠪᠣᠯᠣᠨ ︽ᠵᠢᠷᠭᠤᠭᠠᠨ ᠢᠨᠵᠧᠨᠧᠷᠢᠩ︾ ᠳᠤ ᠣᠨᠣᠪᠴᠢᠳᠠᠢ ᠦᠢᠯᠡᠴᠢᠯᠡᠵᠦ᠂ ᠬᠠᠮᠢᠶᠠᠷᠤᠯᠲᠠ ᠶᠢᠨ ᠣᠷᠣᠨ ᠤ | ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷᠯᠢᠭ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠪᠠ ᠣᠶᠣᠨ ᠤ | ᠲᠤᠯᠭᠠᠭᠤᠷᠢᠯᠠᠯ ᠬᠠᠩᠭᠠᠪᠠ᠃ | ᠬᠥᠲᠥᠯᠥᠨ ᠵᠢᠯᠤᠭᠤᠳᠴᠤ ᠬᠥᠮᠥᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠴᠢᠳᠠᠪᠤᠷᠢᠲᠠᠨ ᠤ | ︽ᠤᠰᠤ ᠬᠠᠳᠠᠭᠠᠯᠠᠬᠤ ᠴᠥᠭᠦᠷᠥᠮ︾ ᠢ ᠪᠠᠶᠢᠭᠤᠯᠤᠨ᠎ᠠ᠃ ︽ᠨᠢᠭᠡᠳᠦᠭᠡᠷ ᠭᠠᠷ︾ ᠲᠦᠷᠦᠭᠦᠯᠡᠨ ︽ᠨᠢᠭᠡᠳᠦᠭᠡᠷ ᠡᠬᠢ | ᠪᠠᠶᠠᠯᠢᠭ︾ ᠢ ᠰᠠᠶᠢᠲᠤᠷ ᠠᠳᠬᠤᠵᠤ᠂ ᠴᠢᠳᠠᠪᠤᠷᠢᠲᠠᠨ ᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢᠨ ᠬᠤᠣᠰ | ᠳᠡᠭᠡᠭᠰᠢᠯᠡᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠪᠠᠨ | ᠵᠦᠢᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾᠂ ︽ᠰᠢᠯᠢᠳᠡᠭ ᠰᠤᠷᠭᠠᠨ ᠬᠥᠮᠦᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠥᠯ︾᠂ ︽ᠰᠢᠯᠢᠳᠡᠭ ᠡᠮ ᠡᠮᠨᠡᠯᠭᠡ ᠡᠷᠡᠭᠦᠯ | ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠥᠯ︾ ᠪᠣᠯᠣᠨ ᠢᠵᠢ ᠪᠦᠷᠢᠳᠦᠭᠦᠯᠬᠦ | ᠲᠥᠷᠥ ᠶᠢᠨ ᠪᠣᠳᠣᠯᠭ᠎ᠠ ᠳᠦᠷᠢᠮ ᠢ ᠲᠣᠭᠲᠠᠭᠠᠨ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ | ᠡᠷᠴᠢᠮ ᠢᠶᠠᠨ ᠴᠢᠩᠭᠠᠷᠠᠭᠤᠯᠤᠨ᠂ ᠨᠠᠷᠠᠲᠤ ᠰᠢᠯᠢᠳᠡᠭ ᠰᠤᠷᠭᠠᠭᠤᠯᠢ ᠶᠢᠨ ᠵᠠᠬᠢᠷᠤᠯ᠂ ᠨᠠᠷᠠᠲᠤ ᠰᠢᠯᠢᠳᠡᠭ ᠪᠠᠭᠰᠢ ᠵᠡᠷᠭᠡ 4 | ᠬᠥᠮᠥᠨ ᠢ ᠣᠷᠣᠭᠤᠯᠤᠨ ᠠᠪᠴᠢᠷᠠᠵᠤ᠂ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠢ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠭᠰᠡᠨ ᠬᠥᠮᠥᠨ ᠤ ᠲᠤᠭ᠎ᠠ ᠪᠣᠯᠣᠨ ᠰᠦᠯᠵᠢᠶᠡᠨ ᠳᠤ | ᠭᠠᠷᠬᠤ ᠨᠣᠷᠮ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠬᠦ ᠶᠢ ᠠᠬᠢᠭᠤᠯᠪᠠ︔ ᠡᠮᠴᠢᠯᠡᠭᠡᠨ ᠤ ᠲᠤᠰᠬᠠᠢ | ᠮᠡᠷᠭᠡᠵᠢᠯᠲᠡᠨ ᠢ 50 ᠭᠠᠷᠤᠢ ᠬᠥᠮᠥᠨ ᠢ ᠤᠶᠠᠨ ᠬᠠᠲᠠᠨ ᠣᠷᠣᠭᠤᠯᠤᠨ ᠠᠪᠴᠢᠷᠠᠵᠤ᠂ ᠬᠠᠮᠢᠶᠠᠷᠤᠯᠲᠠ ᠶᠢᠨ | ᠣᠷᠣᠨ ᠳᠤ ᠰᠡᠭᠦᠵᠢᠨ ᠦᠶ᠎ᠡ ᠶᠢᠨ ᠰᠣᠯᠢᠬᠤ ᠮᠡᠷᠭᠡᠵᠢᠯ᠂ ᠬᠡᠪᠡᠯᠢ ᠶᠢᠨ ᠬᠥᠨᠳᠡᠢ ᠶᠢᠨ ᠲᠣᠯᠢ ᠶᠢᠨ ᠰᠥᠰᠥᠨ ᠤ | ᠤᠭᠤᠲᠠ ᠶᠢ ᠣᠭᠲᠣᠯᠬᠤ ᠵᠡᠷᠭᠡ 15 ᠵᠦᠢᠯ ᠤᠨ ᠮᠡᠰᠡ ᠵᠠᠰᠠᠯ ᠬᠢᠵᠦ᠂ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽32︾ ᠴᠢᠳᠠᠪᠤᠷᠢᠲᠠᠨ ᠤ ᠰᠠᠭᠤᠷᠢᠨ | ᠭᠠᠵᠠᠷ ᠪᠠ ᠠᠺᠠᠳᠧᠮᠢᠴᠢ ᠶᠢᠨ ᠠᠵᠢᠯᠯᠠᠬᠤ ᠥᠷᠲᠡᠭᠡ᠂ ᠨᠠᠮ ᠤᠨ ᠰᠤᠷᠭᠠᠭᠤᠯᠢ ᠵᠡᠷᠭᠡ ᠵᠢᠭᠰᠠᠭᠠᠯ ᠤᠨ ᠭᠠᠵᠠᠷ ᠢ | ᠰᠠᠶᠢᠲᠤᠷ ᠬᠡᠷᠡᠭᠯᠡᠵᠦ᠂ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ | ︽ᠲᠥᠪᠯᠡᠷᠡᠭᠦᠯᠦᠨ ᠰᠤᠷᠭᠠᠨ ᠬᠥᠮᠥᠵᠢᠭᠦᠯᠬᠦ︾ ︽ᠣᠷᠣᠨ ᠤ ᠳᠣᠲᠣᠷ᠎ᠠ ᠪᠣᠯᠪᠠᠰᠤᠷᠠᠭᠤᠯᠤᠨ ᠭᠠᠳᠠᠨ᠎ᠠ ᠣᠴᠢᠵᠤ | ᠰᠤᠷᠤᠯᠴᠠᠬᠤ︾ ᠵᠡᠷᠭᠡ ᠵᠠᠭᠪᠤᠷ ᠢ ᠠᠪᠴᠤ᠂ 12 ᠴᠢᠳᠠᠪᠤᠷᠢᠲᠠᠨ ᠤ ᠡᠩᠨᠡᠭᠡ ᠶᠢᠨ ᠪᠣᠯᠪᠠᠰᠤᠷᠠᠭᠤᠯᠤᠯ ᠢ ᠨᠡᠶᠢᠳᠡᠮ | ᠪᠦᠷᠬᠦᠭᠦᠯᠬᠦ ᠶᠢ ᠪᠡᠶᠡᠯᠡᠭᠦᠯᠵᠦ᠂ 60 ᠭᠠᠷᠤᠢ ᠨᠤᠲᠤᠭ ᠤᠨ ᠴᠢᠳᠠᠪᠤᠷᠢᠲᠠᠨ ︽ᠨᠤᠲᠤᠭ︾ ᠢ ᠳᠠᠪᠠᠵᠤ ᠭᠠᠷᠪᠠ᠃ | ᠴᠢᠳᠠᠪᠤᠷᠢᠲᠠᠨ ᠬᠡᠷᠡᠭᠯᠡᠬᠦ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠤ ︽ᠰᠢᠨ᠎ᠡ ᠬᠥᠳᠡᠯᠭᠡᠭᠴᠢ ᠡᠨᠧᠷᠭᠢ︾ ᠶᠢ | ᠬᠥᠭᠵᠢᠭᠡᠨ᠎ᠡ᠃ ︽ᠱᠦᠵᠢ ᠶᠢᠨ ᠲᠥᠷᠥᠯ ᠵᠦᠢᠯ︾ ᠤᠨ ᠬᠥᠲᠥᠯᠥᠨ ᠳᠠᠭᠠᠭᠤᠯᠬᠤ ᠪᠠ ᠬᠥᠳᠡᠯᠭᠡᠭᠦᠷ ᠳᠣᠣᠷ᠎ᠠ᠂ | ᠴᠢᠳᠠᠪᠤᠷᠢᠲᠠᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠦᠢᠯᠡᠳᠦᠯ ᠤᠯᠠᠮ ᠠᠴᠠ ᠤᠯᠠᠮ ᠲᠣᠪᠣᠶᠢᠮ᠎ᠠ | ᠪᠣᠯᠪᠠ᠃ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠲᠥᠷᠥᠯ ᠵᠦᠢᠯ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠢ 14 ᠭᠤᠶᠤᠴᠢᠯᠠᠨ ᠮᠡᠳᠡᠭᠦᠯᠵᠦ᠂ ᠴᠢᠳᠠᠪᠤᠷᠢᠲᠠᠨ ᠣᠷᠣᠭᠤᠯᠬᠤ | ᠲᠠᠪᠴᠠᠩ ᠢ ᠰᠠᠶᠢᠲᠤᠷ ᠪᠠᠶᠢᠭᠤᠯᠵᠤ᠂ ᠳᠡᠭᠡᠳᠦ ᠲᠠᠰ ᠤᠨ ᠴᠢᠳᠠᠪᠤᠷᠢᠲᠠᠨ ᠢ ᠲᠠᠲᠠᠵᠤ ᠪᠠᠶᠢᠭᠠᠳ ᠠᠯᠠᠰᠢᠨ ᠦᠬᠡᠷ ᠤᠨ | ᠰᠢᠨ᠎ᠡ ᠰᠢᠰᠲ᠋ᠧᠮ ᠢ ᠰᠤᠳᠤᠯᠤᠨ ᠨᠡᠭᠡᠭᠡᠬᠦ᠂ ᠲᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠬᠦ ᠵᠡᠷᠭᠡ ᠶᠢᠨ | ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠲᠠᠢ ᠲᠤᠰᠬᠠᠶᠢᠵᠢᠭᠰᠠᠨ ᠠᠯᠠᠰᠢᠨ ᠦᠬᠡᠷ ᠤᠨ ᠰᠢᠨ᠎ᠡ ᠲᠥᠷᠥᠯ ᠵᠦᠢᠯ ︽ᠬᠤᠸᠠᠰᠢ ᠦᠬᠡᠷ︾ ᠢ 5 | ᠲᠦᠮᠡᠨ ᠮᠦ ᠵᠠᠰᠠᠨ ᠰᠡᠷᠭᠦᠭᠡᠵᠦ᠂ ᠬᠦᠨᠳᠦ ᠨᠣᠴᠢᠲᠠᠢ ᠡᠯᠡᠰᠦᠷᠬᠡᠭᠵᠢᠭᠰᠡᠨ ᠪᠡᠯᠴᠢᠭᠡᠷ ᠪᠠ ᠰᠠᠯᠬᠢᠨ ᠳᠤ ᠢᠳᠡᠭᠳᠡᠭᠰᠡᠨ | ᠨᠦᠬᠡ ᠵᠡᠷᠭᠡ ᠶᠢ 1 ᠲᠦᠮᠡ ᠭᠠᠷᠤᠢ ᠮᠦ ᠠᠮᠵᠢᠯᠲᠠᠲᠠᠢ ᠪᠣᠶᠢᠵᠢᠭᠤᠯᠵᠤ᠂ ᠠᠩᠬ᠎ᠠ ᠤᠳᠠᠭ᠎ᠠ ᠲᠠᠯ᠎ᠠ ᠨᠤᠲᠤᠭ ᠤᠨ | ᠦᠬᠡᠷ ᠬᠤᠨᠢᠨ ᠤ ᠡᠯᠢᠭᠡᠨ ᠤ ᠪᠠᠶᠢᠭᠠᠯᠢ ᠶᠢᠨ ᠵᠡᠭᠦᠨᠰᠢ ᠡᠷᠭᠢᠭᠰᠡᠨ ᠮᠢᠬᠠᠨ ᠤ ᠬᠤᠵᠢᠷ ᠢᠶᠠᠷ ᠦᠢᠯᠡᠳᠬᠦ ᠮᠡᠷᠭᠡᠵᠢᠯ ᠢ | ᠭᠠᠷᠭᠠᠨ ᠠᠪᠴᠤ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠤᠨᠢᠨ ᠤ ᠰᠡᠭᠦᠯ ᠤᠨ ᠥᠭᠡᠬᠦ ᠶᠢᠨ ᠥᠪᠡᠷᠮᠢᠴᠡ | ᠴᠢᠨᠠᠷᠲᠠᠢ ᠰᠢᠮ᠎ᠡ ᠲᠡᠵᠢᠭᠡᠯ ᠤᠨ ᠦᠨ᠎ᠡ ᠥᠷᠲᠡᠭ ᠢ ᠢᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠭᠦᠳᠦᠯᠲᠡ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠪᠠ᠃ ᠡᠭᠦᠨ ᠤ ᠬᠠᠮᠲᠤ᠂ | ᠴᠢᠳᠠᠪᠤᠷᠢᠲᠠᠨ ᠤ ᠣᠶᠤᠨ ᠤ ᠪᠦᠯᠬᠦᠮ ᠤᠨ ᠦᠢᠯᠡᠳᠦᠯ ᠢ ᠪᠠᠳᠠᠷᠠᠭᠤᠯᠵᠤ᠂ ︽ᠬᠥᠬᠡ ᠴᠢᠨ᠋ᠸ᠎ᠠ ᠶᠢᠨ ᠨᠢᠭᠤᠴᠠ | ᠣᠷᠴᠢᠨ ᠤ ᠲᠠᠯ᠎ᠠ ᠨᠤᠲᠤᠭ︾ ᠤᠨ ᠨᠠᠷᠠᠲᠤ ᠲᠡᠮᠳᠡᠭᠲᠦ ᠶᠢ ᠲᠠᠲᠠᠬᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ | ︽ᠠᠮᠢ ᠠᠬᠤᠢ ᠶᠢᠨ ᠵᠢᠭᠤᠯᠴᠢᠯᠠᠯ ᠤᠨ ᠰᠣᠶᠣᠯ︾ ᠤᠨ ᠵᠠᠭᠪᠤᠷ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠤᠯᠤᠰ ᠤᠨ | A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠠᠶᠤᠯ | ᠦᠭᠡᠢ ᠦᠶ᠋ᠯᠡᠳᠪᠦᠷᠢᠯᠡᠯ ᠤᠨ ︽ᠴᠢᠳᠠᠪᠤᠷᠢᠲᠠᠨ ᠤ ᠠᠵᠤ ᠦᠢᠯᠡᠰ︾ ᠤᠨ ᠬᠤᠣᠰ ᠠᠭᠤᠰᠤᠯᠴᠠᠯ ᠤᠨ ᠬᠥᠭᠵᠢᠯᠲᠡ ᠶᠢᠨ | ᠰᠡᠳᠬᠢᠮᠵᠢ ᠶᠢ ᠨᠠᠶᠢᠳᠠᠪᠤᠷᠢᠵᠢᠭᠤᠯᠤᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠤ ︽ᠠᠮᠢ ᠠᠬᠤᠢ ᠶᠢᠨ ᠬᠦᠷᠢᠶ᠎ᠡ︾ ᠶᠢ | ᠰᠢᠯᠢᠳᠡᠭᠵᠢᠭᠦᠯᠦᠨ᠎ᠡ᠃ ᠰᠢᠯᠢᠳᠡᠭ ᠦᠢᠯᠡᠴᠢᠯᠡᠭᠡ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠦᠨᠡᠨ | ᠰᠡᠳᠬᠢᠯ ᠠᠴᠠ ᠪᠠᠨ ︽ᠰᠡᠳᠬᠢᠯ ᠵᠢᠷᠦᠬᠡ ᠪᠠᠨ ᠬᠤᠯᠪᠣᠵᠤ᠂ ᠬᠥᠮᠥᠨ ᠢ ᠦᠯᠡᠳᠡᠭᠡᠵᠦ︾᠂ ︽ᠣᠶᠢᠷ᠎ᠠ ᠬᠠᠪᠢ ᠳᠠᠭᠠᠨ | ᠪᠠᠶᠠᠰᠴᠤ ᠬᠤᠯᠠ ᠠᠴᠠ ᠢᠷᠡᠬᠦ︾ ᠴᠢᠳᠠᠪᠤᠷᠢᠲᠠᠨ ᠤ ᠠᠮᠢ ᠠᠬᠤᠢ ᠶᠢ ᠬᠦᠴᠦᠯᠡᠨ ᠴᠣᠭᠴᠠᠯᠠᠨ᠎ᠠ᠃ ᠨᠡᠶᠢᠲᠡ 4000 | ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ 48 ᠢᠵᠢ ᠲᠤᠰᠬᠠᠢ ᠮᠡᠷᠭᠡᠵᠢᠯᠲᠡᠨ ᠤ ᠨᠡᠶᠢᠲᠡ ᠶᠢᠨ ᠪᠠᠶᠢᠷᠢ᠂ | 224 ᠢᠵᠢ ᠴᠢᠳᠠᠪᠤᠷᠢᠲᠠᠨ ᠤ ᠭᠡᠷ ᠢ ᠪᠦᠲᠦᠭᠡᠨ ᠪᠠᠶᠢᠭᠤᠯᠵᠤ᠂ ᠠᠮᠤᠷ ᠠᠮᠤᠭᠤᠯᠠᠩ ᠣᠷᠴᠢᠨ ᠲᠣᠭᠤᠷᠢᠨ ᠢ ᠪᠤᠢ | ᠪᠣᠯᠭᠠᠵᠤ᠂ ᠴᠢᠳᠠᠪᠤᠷᠢᠲᠠᠨ ᠤ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠪᠡ᠃ ᠳᠡᠭᠡᠳᠦ ᠳᠡᠰ ᠳᠠᠪᠬᠤᠷᠭ᠎ᠠ ᠶᠢᠨ | ᠲᠤᠰᠬᠠᠢ ᠮᠡᠷᠭᠡᠵᠢᠯᠲᠡᠨ ᠬᠠᠮᠢᠶᠠᠷᠤᠯᠲᠠ ᠶᠢᠨ ᠣᠷᠣᠨ ᠤ ᠬᠡᠪᠴᠢᠶᠡᠨ ᠳᠤ ᠰᠦᠢᠳᠬᠡᠯ ᠬᠤᠷᠢᠶᠠᠬᠤ ᠦᠭᠡᠢ ᠪᠠᠷ | ᠪᠡᠶ᠎ᠡ ᠶᠢᠨ ᠪᠠᠶᠢᠴᠠᠭᠠᠯᠲᠠ ᠬᠢᠬᠦ᠂ ᠰᠦᠢᠳᠬᠡᠯ ᠬᠤᠷᠢᠶᠠᠬᠤ ᠦᠭᠡᠢ ᠪᠠᠷ ᠵᠢᠭᠤᠯᠴᠢᠯᠠᠯ ᠤᠨ ᠦᠵᠡᠮᠵᠢ ᠶᠢᠨ ᠣᠷᠣᠨ ᠪᠠ | ᠡᠯ᠎ᠡ ᠲᠥᠷᠥᠯ ᠤᠨ ᠵᠤᠭ᠎ᠠ ᠴᠡᠩᠭᠡᠯ ᠰᠡᠯᠡᠭᠦᠴᠡᠯ ᠤᠨ ᠲᠠᠯᠠᠪᠠᠢ ᠣᠷᠳᠣᠨ ᠪᠠ ᠪᠡᠯᠡᠳᠬᠡᠮᠵᠢ ᠵᠡᠷᠭᠡ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠵᠦ᠂ ᠴᠢᠳᠠᠪᠤᠷᠢᠲᠠᠨ ᠤ ᠬᠤᠭᠤᠯᠠᠨ ᠭᠡᠷ ᠨᠡᠭᠡᠭᠡᠵᠦ᠂ ︽ᠲᠤᠰᠬᠠᠢ ᠮᠡᠷᠭᠡᠵᠢᠯᠲᠡᠨ | ᠴᠢᠳᠠᠪᠤᠷᠢᠲᠠᠨ ᠤ ᠦᠢᠯᠡᠴᠢᠯᠡᠭᠡᠨ ᠤ ᠵᠦᠭᠯᠡᠭᠦᠷ︾ ᠵᠣᠬᠢᠶᠠᠵᠤ᠂ ᠢᠳᠡᠵᠦ ᠤᠤᠭᠤᠬᠤ ᠬᠤᠨᠣᠵᠤ ᠬᠡᠪᠲᠡᠬᠦ᠂ ᠵᠠᠮ | ᠬᠠᠷᠢᠯᠴᠠᠭ᠎ᠠ᠂ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ ᠵᠡᠷᠭᠡ ᠡᠯ᠎ᠡ ᠲᠠᠯ᠎ᠠ ᠪᠠᠷ ᠢᠵᠢ ᠪᠦᠷᠢᠳᠦᠭᠰᠡᠨ | ᠦᠢᠯᠡᠴᠢᠯᠡᠭᠡ ᠶᠢ ᠰᠠᠶᠢᠲᠤᠷ ᠬᠢᠵᠦ ᠪᠣᠯᠣᠨ᠎ᠠ᠃ ᠨᠠᠮ ᠵᠠᠰᠠᠭ ᠤᠨ ᠤᠳᠤᠷᠢᠳᠤᠯᠭ᠎ᠠ ᠶᠢᠨ ᠲᠤᠰᠬᠠᠢ ᠮᠡᠷᠭᠡᠵᠢᠯᠲᠡᠳ ᠲᠠᠢ | ᠬᠠᠷᠢᠯᠴᠠᠵᠤ ᠦᠢᠯᠡᠴᠢᠯᠡᠬᠦ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠲᠤᠰᠬᠠᠢ ᠮᠡᠷᠭᠡᠵᠢᠯᠲᠡᠨ ᠴᠢᠳᠠᠪᠤᠷᠢᠲᠠᠨ ᠳᠤ | ᠦᠢᠯᠡᠴᠢᠯᠡᠬᠦ ︽ᠰᠡᠳᠬᠢᠯ ᠤᠨ ᠬᠥᠭᠦᠷᠭᠡ︾ ᠶᠢ ᠨᠠᠷᠢᠨ ᠨᠢᠮᠪᠠᠢ ᠪᠠᠶᠢᠭᠤᠯᠵᠤ᠂ ᠠᠵᠢᠯ ᠬᠢᠵᠦ ᠦᠢᠯᠡᠰ ᠴᠣᠭᠴᠠᠯᠠᠬᠤ | ᠬᠠᠯᠠᠭᠤᠨ ᠰᠡᠳᠬᠢᠯᠭᠡ ᠶᠢ ᠬᠥᠭᠵᠢᠭᠡᠨ᠂ ᠬᠠᠮᠢᠶᠠᠷᠤᠯᠲᠠ ᠶᠢᠨ ᠣᠷᠣᠨ ᠢ ᠡᠯ᠎ᠡ ᠲᠥᠷᠥᠯ ᠤᠨ ᠴᠢᠳᠠᠪᠤᠷᠢᠲᠠᠨ ᠶᠡᠭᠡ ᠪᠠᠷ | ᠬᠢᠵᠦ ᠪᠣᠯᠬᠤ᠂ ᠶᠡᠭᠡ ᠦᠢᠯᠡᠰ ᠢ ᠪᠦᠲᠦᠭᠡᠵᠦ ᠪᠣᠯᠬᠤ ᠬᠠᠯᠠᠭᠤᠨ ᠬᠥᠷᠥᠰᠥ ᠪᠣᠯᠭᠠᠬᠤ ᠬᠡᠷᠡᠭᠲᠡᠢ᠃ | | |