2024 ᠣᠨ ᠤ ᠤᠯᠠᠭᠠᠢ ᠬᠠᠮᠢᠶᠠᠷᠤᠯᠲᠠ ᠶᠢᠨ ᠣᠷᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ · ᠪᠠᠶᠠᠷ ᠬᠥᠷ ᠲᠠᠢ ᠢᠳᠡᠷᠡᠭᠦᠨ ᠠᠯᠬᠤᠭ᠎ᠠ︾ ᠶᠢᠨ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/12

    8 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠠᠮᠢᠶᠠᠷᠤᠯᠲᠠ ᠶᠢᠨ ᠣᠷᠣᠨ ᠤ ᠲᠠᠪᠤᠨ ᠳᠠᠷᠪᠠᠭᠤᠯᠲᠤ

ᠠᠭᠤᠳᠠᠮ ᠲᠠᠯᠠᠪᠠᠶ ᠳᠤ ᠤᠯᠠᠭᠠᠨ ᠲᠤᠭ ᠨᠠᠮᠢᠷᠠᠨ᠂ ᠲᠣᠮᠣ ᠬᠡᠯᠪᠡᠷᠢ ᠶᠢᠨ ᠰᠣᠯᠣᠩᠭᠠᠨ ᠡᠭᠦᠳᠡ ᠠᠭᠤᠳᠠᠮ

ᠲᠠᠯᠠᠪᠠᠶ ᠶᠢᠨ ᠳᠤᠮᠳᠠ ᠰᠦᠨᠳᠡᠷᠯᠡᠵᠦ᠂ ᠤᠯᠠᠭᠠᠢ ᠬᠠᠮᠢᠶᠠᠷᠤᠯᠲᠠ ᠶᠢᠨ ᠣᠷᠣᠨ 2024 ᠣᠨ ᠤ ︽ᠪᠥᠬᠦ ᠠᠷᠠᠳ ᠤᠨ

ᠪᠡᠶ᠎ᠡ ᠴᠢᠭᠢᠷᠠᠭᠵᠢᠭᠤᠯᠬᠤ ᠡᠳᠦᠷ · ᠪᠠᠶᠠᠷ ᠬᠥᠷ ᠲᠠᠢ ᠢᠳᠡᠷᠡᠭᠦᠨ ᠠᠯᠬᠤᠭ᠎ᠠ︾ ᠶᠢᠨ ᠠᠵᠢᠯᠯᠠᠭ᠎ᠠ  ᠶᠠᠪᠤᠭᠳᠠᠵᠤ᠂

ᠥᠷᠭᠡᠨ ᠣᠯᠠᠨ ᠪᠡᠶ᠎ᠡ ᠴᠢᠭᠢᠷᠠᠭᠵᠢᠭᠤᠯᠬᠤ ᠳᠤᠷᠠᠲᠠᠢ ᠬᠥᠮᠥᠰ ᠠᠳᠡ ᠴᠤᠭᠯᠠᠷᠠᠵᠤ᠂ ᠣᠯᠠᠨ ᠤ ᠤᠷᠮ᠎ᠠ ᠵᠣᠷᠢᠭ

ᠪᠠᠳᠠᠷᠠᠨ᠂ ᠢᠲᠡᠭᠡᠯ ᠵᠣᠷᠢᠭ ᠲᠡᠭᠦᠯᠳᠡᠷ ᠪᠠᠶᠢᠵᠤ᠂ ᠠᠬᠤᠢ ᠲᠠᠯᠠᠪᠠᠶ ᠶᠢᠨ ᠠᠭᠤᠷ ᠠᠮᠢᠰᠬᠤᠯ ᠪᠠᠶᠠᠷ ᠬᠥᠷ ᠲᠠᠢ ᠪᠠᠶᠢᠯ᠎ᠠ᠃

    ᠬᠠᠮᠢᠶᠠᠷᠤᠯᠲᠠ ᠶᠢᠨ ᠣᠷᠣᠨ ᠤ ᠨᠢᠭᠡᠳᠦᠮᠡᠯ ᠹᠷᠣᠨᠲ ᠤᠨ ᠬᠡᠯᠲᠡᠰ ︵ᠠᠵᠢᠯᠴᠢᠨ ᠤ ᠡᠪᠯᠡᠯ︶᠂ ᠳᠣᠲᠣᠭᠠᠳᠤ ᠶᠢ

ᠬᠠᠮᠠᠭᠠᠯᠠᠬᠤ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ

ᠡᠷᠡᠭᠦᠯ ᠮᠡᠨᠳᠣ ᠶᠢᠨ ᠵᠥᠪᠯᠡᠯ᠂ ᠪᠠᠶᠠᠨᠬᠤᠰᠢᠭᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ

ᠡᠷᠬᠢᠯᠡᠭᠰᠡᠨ ᠤᠯᠠᠭᠠᠢ ᠬᠠᠮᠢᠶᠠᠷᠤᠯᠲᠠ ᠶᠢᠨ ᠣᠷᠣᠨ ᠤ 2024 ᠣᠨ ᠤ ︽ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠡᠳᠦᠷ︾ ᠭᠡᠬᠦ ᠬᠥᠳᠡᠯᠭᠡᠭᠡᠨ ᠢ ᠡᠬᠢᠯᠡᠭᠦᠯᠬᠦ ᠶᠣᠰᠣᠯᠠᠯ ᠵᠢᠩᠬᠢᠨᠢ ᠪᠠᠷ ᠡᠬᠢᠯᠡᠵᠦ᠂ ᠬᠠᠮᠢᠶᠠᠷᠤᠯᠲᠠ ᠶᠢᠨ

ᠣᠷᠣᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠦ᠋ ᠸᠧᠨ ᠬᠤᠤ

ᠡᠬᠢᠯᠡᠯᠳᠠ ᠶᠢᠨ ᠶᠣᠰᠣᠯᠠᠯ ᠳᠤ ᠣᠷᠣᠯᠴᠠᠭᠰᠠᠨ ᠪᠠᠶᠢᠨ᠎ᠠ᠃ ᠬᠠᠮᠢᠶᠠᠷᠤᠯᠲᠠ ᠶᠢᠨ ᠣᠷᠣᠨ ᠤ ᠨᠢᠭᠡᠳᠦᠮᠡᠯ ᠹᠷᠣᠨᠲ ᠤᠨ

ᠬᠡᠯᠲᠡᠰ ︵ᠠᠵᠢᠯᠴᠢᠨ ᠤ ᠡᠪᠯᠡᠯ︶᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ

ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂

ᠪᠠᠶᠠᠨᠬᠤᠲᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ

ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠠᠮᠢᠶᠠᠷᠤᠯᠲᠠ ᠶᠢᠨ ᠣᠷᠣᠨ ᠤ ᠡᠯ᠎ᠡ ᠪᠠᠯᠭᠠᠰᠤ

ᠲᠠᠯᠠᠪᠠᠶ᠂ ᠡᠯ᠎ᠡ ᠵᠠᠰᠠᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠴᠢᠭᠢᠷᠠᠭᠵᠢᠭᠤᠯᠤᠭᠴᠢ ᠠᠴᠠ

ᠢᠷᠡᠭᠰᠡᠨ 350 ᠭᠠᠷᠤᠢ ᠬᠥᠮᠥᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃

    ᠲᠣᠰ ᠤᠳᠠᠭᠠᠨ ᠤ ᠬᠠᠮᠢᠶᠠᠷᠤᠯᠲᠠ ᠶᠢᠨ ᠣᠷᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ·

ᠪᠠᠶᠠᠷ ᠬᠥᠷ ᠲᠠᠢ ᠢᠳᠡᠷᠡᠭᠦᠨ ᠠᠯᠬᠤᠭ᠎ᠠ︾ ᠶᠢᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠢ

ᠠᠬᠢᠭᠤᠯᠤᠨ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ︾ ᠭᠡᠬᠦ ᠤᠬᠠᠭᠤᠯᠭ᠎ᠠ

ᠬᠥᠮᠦᠵᠢᠯ ᠤᠨ ᠭᠤᠣᠯ ᠰᠡᠳᠦᠪ ᠢ ᠭᠦᠨᠵᠡᠭᠡᠶᠢᠷᠡᠭᠦᠯᠬᠦ ᠶᠢᠨ ᠲᠥᠯᠥᠭᠡ ᠶᠤᠮ᠃ ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠨᠣᠴᠣᠭᠠᠵᠤ᠂ ᠬᠠᠮᠢᠶᠠᠷᠤᠯᠲᠠ ᠶᠢᠨ

ᠣᠷᠣᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠤᠯᠠᠮ ᠨᠢᠭᠡ ᠠᠯᠬᠤᠮ ᠣᠬᠠᠭᠤᠯᠬᠤ ᠪᠠ

ᠳᠡᠯᠭᠡᠷᠡᠭᠦᠯᠦᠨ᠎ᠡ᠃

    ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠵᠣᠬᠢᠶᠠᠨ ᠪᠠᠶᠢᠭᠤᠯᠬᠤ ᠨᠢ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ

ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ

ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠪᠥᠬᠦ

ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ︾ ᠶᠢ ᠨᠠᠶᠢᠳᠠᠪᠤᠷᠢᠵᠢᠭᠤᠯᠤᠨ᠂ ︽ᠡᠷᠡᠭᠦᠯ ᠡᠩᠬᠡ ᠳᠤᠮᠳᠠᠳᠤ

ᠤᠯᠤᠰ ᠤᠨ ᠠᠵᠢᠯᠯᠠᠭ᠎ᠠ︾ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ

ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ

ᠶᠤᠮ᠃ ᠡᠭᠦᠨ ᠤ ᠬᠠᠮᠲᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠨᠢ ᠪᠣᠬᠢᠷᠲᠤᠯ ᠦᠭᠡᠢ ᠡᠷᠡᠭᠦᠯ

ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ

ᠪᠣᠶ ᠪᠣᠯᠭᠠᠵᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠲᠡᠮᠡᠴᠡᠯ ᠤᠨ ᠬᠠᠯᠠᠭᠤᠨ ᠰᠡᠳᠬᠢᠯᠭᠡ ᠶᠢ ᠬᠥᠭᠵᠢᠭᠡᠬᠦ ᠳᠤ

ᠴᠥᠮ ᠢᠳᠡᠪᠬᠢᠲᠡᠢ ᠠᠬᠢᠭᠤᠯᠬᠤ ᠦᠢᠯᠡᠳᠦᠯ ᠲᠠᠢ ᠶᠤᠮ᠃

    ᠡᠮᠨᠡᠯᠭᠡ ᠶᠢᠨ ᠠᠵᠢᠯᠲᠠᠳ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ᠡᠷᠡᠭᠦᠯ ᠮᠡᠨᠳᠦ ᠶᠢᠨ ᠪᠡᠶ᠎ᠡ

ᠰᠤᠪᠢᠯᠠᠯᠲᠠ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠲᠠᠮᠢᠷ ᠤᠨ ᠬᠥᠳᠡᠯᠭᠡᠭᠡᠨ ᠤ ᠠᠨᠠᠭᠠᠬᠤ ᠤᠬᠠᠭᠠᠨ᠂

ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ ᠠᠰᠠᠭᠤᠨ ᠯᠠᠪᠯᠠᠬᠤ ᠦᠢᠯᠡᠴᠢᠯᠡᠭᠡ

ᠬᠠᠩᠭᠠᠵᠤ᠂ ᠡᠷᠡᠭᠦᠯ ᠮᠡᠨᠳᠦ ᠶᠢᠨ ᠤᠯᠠᠭᠠᠨ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ︕

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号