ᠮᠠᠨ ᠤ ᠣᠷᠣᠨ ︽ᠬᠥᠮᠥᠨ᠂ ᠰᠠᠭᠤᠴᠠ᠂ ᠭᠠᠵᠠᠷ᠂ ᠮᠥᠩᠭᠦ︾ ᠳᠥᠷᠪᠡᠨ ᠬᠦᠴᠦᠨ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠵᠦ ᠪᠣᠢ᠃ | ︽ᠬᠥᠮᠥᠨ︾ ᠤ ᠲᠠᠯ᠎ᠠ ᠪᠠᠷ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠲᠠᠯ᠎ᠠ ᠶᠢᠨ | ᠱᠠᠲᠤᠴᠢ ᠴᠢᠨᠠᠷᠲᠠᠢ ᠬᠦᠴᠢᠷᠳᠡᠯᠲᠡᠢ ᠠᠰᠠᠭᠤᠳᠠᠯ ᠢ ᠴᠢᠩᠭ᠎ᠠ ᠠᠩᠬᠠᠷᠤᠨ᠎ᠠ᠃ ᠪᠠᠲᠤᠯᠠᠭ᠎ᠠ ᠶᠢᠨ ᠡᠲᠡᠭᠡᠳ ᠤᠨ | ᠬᠡᠪᠴᠢᠶ᠎ᠡ ᠶᠢ ᠵᠣᠬᠢᠰᠲᠠᠢ ᠵᠠᠭᠠᠭᠯᠠᠨ ᠲᠣᠭᠲᠠᠭᠠᠵᠤ᠂ ᠪᠠᠲᠤᠯᠠᠭ᠎ᠠ ᠶᠢᠨ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠶᠢ | ᠲᠣᠳᠣᠷᠬᠠᠢ ᠣᠶᠢᠯᠠᠭᠠᠵᠤ᠂ ᠨᠥᠬᠦᠴᠡᠯ ᠳᠤ ᠨᠡᠶᠢᠴᠡᠭᠰᠡᠳ ᠢ ᠴᠠᠭ ᠲᠤᠬᠠᠢ ᠳᠤ ᠨᠢ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠨ᠎ᠠ᠃ ︽ᠰᠠᠭᠤᠴᠠ︾ ᠶᠢᠨ ᠲᠠᠯ᠎ᠠ ᠪᠠᠷ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠨ ᠬᠠᠮᠢᠶᠠᠷᠬᠤ ᠪᠦᠬᠦ ᠶᠠᠪᠤᠴᠠ ᠳᠤ | ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ︽ᠭᠠᠵᠠᠷ︾ ᠤᠨ ᠲᠠᠯ᠎ᠠ ᠪᠠᠷ᠂ ᠦᠯᠡᠳᠡᠭᠡᠯ ᠡᠬᠢ ᠪᠠᠶᠠᠯᠢᠭ ᠢ | ᠠᠮᠢᠳᠤᠯᠢᠭᠵᠢᠭᠤᠯᠬᠤ ᠪᠠᠷ ᠭᠤᠣᠯ ᠪᠣᠯᠭᠠᠨ᠂ ᠣᠯᠠᠨ ᠲᠠᠯ᠎ᠠ ᠶᠢᠨ ᠭᠤᠣᠯ ᠴᠣᠭᠴᠠ ᠶᠢᠨ ᠣᠷᠣᠯᠴᠠᠬᠤ ᠶᠢ ᠬᠥᠲᠥᠯᠥᠨ | ᠵᠢᠯᠤᠭᠤᠳᠴᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠰᠢᠨᠡᠳᠬᠡᠬᠦ᠂ ᠡᠭᠡᠭᠦᠯᠦᠨ | ᠬᠤᠳᠠᠯᠳᠤᠵᠤ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠰᠤᠯᠠ ᠲᠠᠯᠪᠢᠭᠳᠠᠵᠤ ᠪᠠᠶᠢᠬᠤ ᠭᠠᠵᠠᠷ | ᠰᠢᠷᠣᠢ ᠵᠢᠴᠢ ᠭᠡᠷ ᠪᠠᠶᠢᠰᠢᠩ ᠢ ᠭᠦᠢᠴᠡᠳ ᠠᠰᠢᠭᠯᠠᠨ᠂ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠰᠢᠨ᠎ᠡ ᠬᠠᠩᠭᠠᠯᠭ᠎ᠠ ᠶᠢᠨ ᠭᠠᠵᠠᠷ ᠢ ᠵᠣᠬᠢᠰᠲᠠᠢ ᠠᠰᠢᠭᠯᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ ᠪᠦᠲᠦᠭᠡᠨ ᠪᠠᠶᠢᠭᠤᠯᠤᠨ᠎ᠠ᠃ ︽ᠮᠥᠩᠭᠦᠨ︾ ᠤ | ᠲᠠᠯ᠎ᠠ ᠪᠠᠷ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠨᠥᠬᠦᠪᠦᠷᠢ ᠶᠢᠨ ᠪᠡᠯᠡ ᠮᠥᠩᠭᠦ᠂ ᠲᠤᠰᠬᠠᠢ | ᠵᠢᠭᠡᠯᠡᠯᠭᠡ ᠶᠢᠨ ᠲᠡᠮᠳᠡᠭᠲᠦ ᠪᠠ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ | ᠲᠡᠮᠡᠴᠡᠨ ᠣᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠨᠡ ᠵᠢᠯ ᠪᠥᠬᠦ | ᠣᠷᠣᠨ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 16933 ᠢᠵᠢ ︵ᠲᠠᠰᠤᠭ︶ | ᠴᠤᠭᠯᠠᠭᠤᠯᠵᠤ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ᠨᠢᠭᠡᠨᠲᠡ | 12230 ᠢᠵᠢ ︵ᠲᠠᠰᠤᠭ︶ ᠶᠢ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 72.2 % ᠲᠤ | ᠬᠦᠷᠪᠡ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ |