ᠤᠯᠠᠭᠠᠢ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/8/13

    ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ

ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ 8 ᠰᠠᠷ᠎ᠠ ᠶᠢᠨ

12᠎ ᠤᠨ ᠡᠳᠦᠷ ᠤᠨ ᠦᠳᠡ ᠶᠢᠨ ᠬᠤᠶᠢᠨ᠎ᠠ᠂ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ

ᠰᠡᠳᠦᠪᠲᠦ ᠲᠠᠶᠢᠯᠤᠮᠵᠢ ᠬᠢᠭᠰᠡᠨ ᠪᠥᠭᠡᠳ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠨᠠᠮ ᠤᠨ

ᠰᠤᠷᠭᠠᠭᠤᠯᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠵᠠᠩ ᠯᠢ ᠫᠢᠩ ᠢ ᠤᠷᠢᠵᠤ

ᠬᠢᠴᠢᠶᠡᠯ ᠣᠷᠣᠭᠤᠯᠪᠠ᠃ ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠪᠥᠬᠦ ᠺᠠᠳ᠋ᠷ

ᠠᠵᠢᠯᠲᠠᠨ ᠠᠵᠢᠯᠴᠢᠨ᠂ ᠡᠯ᠎ᠡ ᠲᠥᠰᠥᠪ ᠤᠨ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ 200 ᠭᠠᠷᠤᠢ

ᠬᠥᠮᠥᠨ ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠪᠠ᠃

    ᠵᠠᠩ ᠯᠢ ᠫᠢᠩ ᠡᠷᠬᠢᠯᠡᠭᠴᠢ ︽ᠬᠡᠯᠪᠡᠷᠢ ᠲᠠᠢ᠂ ᠲᠥᠷᠥᠭᠳᠡᠯ ᠲᠠᠢ᠂ ᠪᠦᠲᠦᠮᠵᠢᠲᠡᠢ ᠪᠠᠶᠢᠬᠤ ᠲᠠᠯ᠎ᠠ ᠪᠠᠷ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ

ᠲᠡᠦᠬᠡ ᠶᠢᠨ ᠲᠠᠯ᠎ᠠ᠂ ᠤᠨᠤᠯ ᠤᠨ ᠲᠠᠯ᠎ᠠ᠂ ᠦᠢᠯᠡᠳᠦᠯᠭᠡ ᠶᠢᠨ ᠲᠠᠯ᠎ᠠ ᠠᠴᠠ ᠲᠠᠶᠢᠯᠤᠮᠵᠢ ᠬᠢᠵᠡᠢ᠃ ᠡᠩ ᠲᠡᠷᠢᠭᠦᠨ ᠳᠤ᠂

ᠴᠠᠭ ᠬᠤᠭᠤᠴᠠᠭ᠎ᠠ ᠪᠠᠷ ᠰᠤᠳᠠᠰᠤ ᠪᠤᠯᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠦᠷᠢᠯᠳᠦᠬᠦ ᠶᠠᠪᠤᠴᠠ ᠶᠢ ᠨᠠᠷᠢᠨ ᠬᠢᠨᠠᠮᠠᠭᠠᠢ ᠡᠮᠬᠢᠯᠡᠨ ᠲᠢᠭᠯᠡᠪᠡ︔

ᠳᠠᠷᠠᠭᠠᠯᠠᠪᠠᠯ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ᠂

︽ᠳᠥᠷᠪᠡᠨ ᠬᠠᠮᠲᠤ︾᠎ ᠶᠢ ᠶᠡᠬᠡᠪᠡᠷ ᠠᠬᠢᠭᠤᠯᠬᠤ᠂ ︽ᠲᠠᠪᠤᠨ ᠮᠡᠳᠡᠷᠡᠮᠵᠢ︾᠎ ᠶᠢ ᠲᠠᠰᠤᠷᠠᠯᠲᠠ ᠦᠭᠡᠢ ᠨᠡᠮᠡᠭᠳᠡᠭᠦᠯᠬᠦ᠂

︽ᠳᠥᠷᠪᠡᠨ ᠬᠠᠮᠲᠤᠳᠬᠠᠬᠤ︾᠎ ᠶᠢ ᠪᠠᠲᠤ ᠪᠠᠬᠢ ᠪᠣᠶ ᠪᠣᠯᠭᠠᠬᠤ ᠵᠡᠷᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠬᠡᠯᠪᠡᠷᠢ ᠲᠠᠢ᠂ ᠲᠥᠷᠥᠭᠳᠡᠯ ᠲᠠᠢ᠂ ᠪᠦᠲᠦᠮᠵᠢᠲᠡᠶ ᠪᠣᠯᠭᠠᠬᠤ

ᠲᠠᠯ᠎ᠠ ᠪᠠᠷ ᠭᠦᠨᠵᠡᠭᠡᠢ ᠲᠣᠳᠣᠷᠬᠠᠶᠢᠯᠠᠨ ᠥᠭᠦᠯᠡᠪᠡ᠃ ᠲᠤᠰᠬᠠᠢ ᠰᠡᠳᠦᠪᠲᠦ ᠲᠠᠶᠢᠯᠤᠮᠵᠢ ᠶᠢᠨ ᠠᠭᠤᠯᠭ᠎ᠠ ᠪᠠᠶᠠᠯᠢᠭ᠂

ᠦᠭᠡ ᠬᠡᠯᠡ ᠠᠮᠢᠳᠤᠯᠢᠭ᠂ ᠬᠥᠮᠥᠰ ᠢ ᠭᠦᠨᠵᠡᠭᠡᠢ ᠪᠣᠳᠣᠯᠬᠢᠯᠠᠨ᠎ᠠ᠃

    ᠲᠣᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ ᠬᠠᠮᠢᠶᠠᠷᠤᠯᠲᠠ ᠶᠢᠨ ᠣᠷᠣᠨ ᠤ ᠡᠳ᠋ ᠤᠨ ᠶᠠᠪᠤᠳᠠᠯ ᠤᠨ

ᠠᠵᠢᠯᠲᠠᠨ ᠵᠢᠴᠢ ᠡᠳ᠋ ᠤᠨ ᠵᠠᠰᠠᠭ ᠤᠨ ᠲᠣᠪᠴᠢᠶᠠᠨ ᠤ ᠪᠦᠬᠦ ᠺᠠᠳ᠋ᠷ ᠠᠵᠢᠯᠲᠠᠨ ᠰᠢᠨ᠎ᠡ ᠴᠠᠭ ᠦᠶ᠎ᠡ ᠳᠤ

ᠲᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠲᠤᠬᠠᠢ

ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ ᠪᠣᠯᠪᠠ᠃ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠤᠨ

ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ

ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ

ᠰᠠᠶᠢᠲᠤᠷ ᠬᠢᠬᠦ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠰᠦᠪᠡᠭᠴᠢᠯᠡᠨ ᠰᠢᠨ᠎ᠡ ᠶᠢ ᠡᠭᠦᠳᠴᠦ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ᠂ ᠲᠥᠷᠥᠭᠳᠡᠯ ᠲᠠᠢ᠂

ᠪᠦᠲᠦᠮᠵᠢᠲᠡᠢ ᠪᠠᠷ ᠪᠠᠲᠤ ᠴᠣᠭᠴᠠᠯᠠᠨ᠎ᠠ ᠭᠡᠵᠦ ᠢᠯᠡᠳᠬᠡᠵᠡᠭᠡᠪᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号