30 ᠮᠢᠨᠦ᠋ᠲ ᠠᠴᠠ ᠳᠡᠭᠡᠭᠰᠢ ᠬᠥᠳᠡᠯᠭᠡᠭᠡᠨ ᠬᠢᠪᠡᠯ ᠰᠠᠶ᠋ᠢ ᠮᠠᠷᠢᠶ᠎ᠠ ᠰᠢᠭᠤᠷᠠᠭᠤᠯᠵᠤ ᠴᠢᠳᠠᠨ᠎ᠠ ᠭᠡᠵᠢ ᠤᠤ︖
ᠨᠡᠶᠢᠲᠡᠯᠡᠭᠰᠡᠨ ᠴᠠᠭ᠄
2024/8/13

    ᠡᠬᠢᠯᠡᠵᠦ ᠪᠣᠯᠪᠠᠰᠤᠷᠠᠬᠤ ᠦᠶ᠎ᠡ ᠳᠤ᠂ ᠮᠠᠨ ᠤ ᠪᠡᠶ᠎ᠡ ᠶᠢᠨ ᠳᠣᠲᠣᠷᠠᠬᠢ ᠠᠩᠬᠠᠨ ᠤ ᠰᠢᠬᠢᠷ ᠪᠣᠯᠣᠨ ᠥᠭᠡᠬᠦ

ᠬᠠᠮᠲᠤ ᠪᠠᠷ ᠬᠥᠮᠥᠨ ᠤ ᠪᠡᠶ᠎ᠡ ᠳᠤ ᠡᠨᠧᠷᠭᠢ ᠬᠠᠩᠭᠠᠵᠤ᠂ ᠬᠥᠳᠡᠯᠭᠡᠭᠡᠨ ᠬᠢᠬᠦ ᠴᠠᠭ ᠨᠢ ᠤᠷᠲᠤ ᠪᠣᠯᠪᠠᠯ ᠬᠤᠷᠣᠭᠳᠠᠯ

 ᠨᠢ ᠠᠷᠪᠢᠨ ᠪᠠᠶᠢᠳᠠᠭ᠃ ᠭᠤᠴᠢᠨ ᠮᠢᠨᠦ᠋ᠲ ᠬᠥᠳᠡᠯᠭᠡᠭᠡᠨ ᠬᠢᠪᠡᠯ ᠰᠠᠶ᠋ᠢ ᠮᠠᠷᠢᠶ᠎ᠠ ᠰᠢᠭᠤᠷᠠᠭᠤᠯᠵᠤ ᠲᠠᠶᠢᠯᠤᠨ᠎ᠠ ᠭᠡᠳᠡᠭ᠂

ᠨᠠᠩ ᠰᠢᠨᠵᠢᠯᠡᠬᠦ ᠤᠬᠠᠭᠠᠨᠴᠢ ᠬᠡᠯᠡᠯᠭᠡ ᠪᠣᠯ᠄ ᠭᠤᠴᠢᠨ ᠮᠢᠨᠦ᠋ᠲ ᠬᠥᠳᠡᠯᠭᠡᠭᠡᠨ ᠬᠢᠪᠡᠯ ᠰᠠᠶ᠋ᠢ ᠥᠭᠡᠬᠦ ᠶᠢᠨ ᠬᠤᠷᠣᠭᠳᠠᠯ

ᠢᠯᠡᠷᠬᠡᠢ ᠲᠦᠷᠭᠡᠳᠦᠨ᠎ᠡ᠃

    ᠵᠠᠷᠢᠮ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠥᠳᠡᠯᠭᠡᠭᠡᠨ ᠤ ᠡᠬᠢᠨ ᠤ ᠬᠤᠭᠤᠴᠠᠭᠠᠨ ᠳᠤ ᠥᠭᠡᠬᠦ ᠶᠢᠨ

ᠡᠨᠧᠷᠭᠢ ᠬᠠᠩᠭᠠᠬᠤ ᠬᠠᠷᠢᠴᠠᠯ ᠨᠢ 40% ᠬᠦᠷᠳᠡᠭ᠂ ᠭᠡᠲᠡᠯ᠎ᠡ ᠠᠷᠪᠠᠨ ᠮᠢᠨᠦ᠋ᠲ ᠣᠷᠴᠢᠮ ᠬᠥᠳᠡᠯᠭᠡᠭᠡᠨ ᠬᠢᠪᠡᠯ

ᠥᠭᠡᠬᠦ ᠶᠢᠨ ᠡᠨᠧᠷᠭᠢ ᠬᠠᠩᠭᠠᠬᠤ ᠬᠠᠷᠢᠴᠠᠯ ᠨᠢ 50 % ᠬᠦᠷᠴᠦ᠂ ᠠᠩᠬᠠᠨ ᠤ ᠰᠢᠬᠢᠷ ᠲᠠᠢ ᠲᠡᠩᠴᠡᠳᠡᠭ᠃

    ᠤᠴᠢᠷ ᠨᠢ ᠠᠩᠬᠠᠨ ᠤ ᠰᠢᠬᠢᠷ ᠤᠨ ᠬᠥᠮᠥᠨ ᠤ ᠪᠡᠶ᠎ᠡ ᠳᠤ ᠬᠠᠳᠠᠭᠠᠯᠠᠭᠳᠠᠬᠤ ᠬᠡᠮᠵᠢᠶ᠎ᠡ ᠨᠢ ᠥᠭᠡᠬᠦ ᠲᠠᠢ

ᠠᠳᠠᠯᠢᠳᠬᠠᠬᠤ ᠶᠢᠨ ᠠᠷᠭ᠎ᠠ ᠦᠭᠡᠢ᠂ ᠠᠩᠬᠠᠨ ᠤ ᠰᠢᠬᠢᠷ ᠬᠥᠳᠡᠯᠭᠡᠭᠡᠨ ᠬᠢᠬᠦ ᠶᠢ ᠳᠠᠭᠠᠯᠳᠤᠨ ᠲᠦᠷᠭᠡᠨ ᠬᠤᠷᠣᠭᠳᠠᠬᠤ

ᠦᠶ᠎ᠡ ᠳᠤ᠂ ᠪᠡᠶ᠎ᠡ ᠨᠢ ᠠᠷᠭ᠎ᠠ ᠪᠤᠰᠤ ᠪᠡᠶ᠎ᠡ ᠶᠢᠨ ᠳᠣᠲᠣᠷ᠎ᠠ ᠬᠠᠳᠠᠭᠠᠯᠠᠭᠳᠠᠵᠤ ᠪᠠᠶᠢᠭ᠎ᠠ ᠥᠭᠡᠬᠦ ᠶᠢ ᠬᠡᠷᠡᠭᠯᠡᠳᠡᠭ

ᠪᠠᠶᠢᠨ᠎ᠠ᠃

    ᠭᠡᠪᠡᠴᠦ᠂ ᠡᠨᠡ ᠨᠢ ᠬᠡᠳᠦᠢ ᠤᠳᠠᠭᠠᠨ ᠬᠥᠳᠡᠯᠭᠡᠭᠡᠨ ᠬᠢᠪᠡᠯ ᠲᠡᠳᠦᠢ ᠰᠠᠶᠢᠨ ᠭᠡᠰᠡᠨ ᠦᠭᠡ ᠪᠢᠰᠢ᠂ ᠪᠡᠶ᠎ᠡ

ᠮᠠᠬᠠᠪᠤᠳ ᠤᠨ ᠶᠠᠳᠠᠷᠠᠯ ᠵᠢᠴᠢ ᠬᠥᠳᠡᠯᠭᠡᠭᠡᠨ ᠤ ᠭᠡᠮᠲᠦᠯ ᠭᠠᠷᠬᠤ ᠠᠶᠤᠯ ᠠᠴᠠ ᠰᠡᠷᠭᠡᠶᠢᠯᠡᠬᠦ ᠶᠢᠨ ᠲᠤᠰᠠᠳᠠ

ᠬᠠᠷᠢᠴᠠᠩᠭᠤᠢ ᠪᠠᠷ ᠨᠢᠭᠡ ᠴᠠᠭ ᠠᠴᠠ ᠬᠡᠲᠦᠷᠡᠭᠦᠯᠬᠦ ᠦᠭᠡᠢ ᠬᠥᠳᠡᠯᠭᠡᠭᠡᠨ ᠬᠢᠪᠡᠯ ᠬᠠᠮᠤᠭ ᠰᠠᠶᠢᠨ᠃

 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号