ᠡᠮ ᠡᠮᠨᠡᠯᠭᠡ ᠶᠢᠨ ᠳᠠᠭᠠᠳᠬᠠᠯ ᠤᠨ ᠵᠣᠭᠤᠰ ᠲᠤᠰᠢᠶᠠᠬᠤ ᠠᠷᠭ᠎ᠠ ᠮᠠᠶ᠋ᠢᠭ ᠤᠨ‌ᠥᠭᠡᠷᠡᠴᠢᠯᠡᠯᠲᠡ︕ ᠡᠮᠨᠡᠯᠭᠡ ᠶᠢᠨ ᠬᠤᠷᠢᠶ᠎ᠠ ᠡᠪᠡᠳᠴᠢᠨ ᠡᠮᠨᠡᠨ ᠵᠠᠰᠠᠬᠤ ᠳᠤᠭᠤᠶᠢᠯᠠᠩ ᠤᠨ ᠬᠢᠨ ᠵᠣᠭᠤᠰ ᠣᠯᠣᠭᠰᠠᠨ ᠦᠭᠡᠢ ᠠᠴᠠ ᠪᠣᠯᠵᠤ ᠡᠮᠴᠢ ᠶᠢᠨ ᠵᠣᠭᠤᠰ ᠢ ᠬᠠᠰᠤᠵᠤ ᠪᠣᠯᠬᠤ ᠦᠭᠡᠢ
ᠨᠡᠶᠢᠲᠡᠯᠡᠭᠰᠡᠨ ᠴᠠᠭ᠄
2024/8/13

    ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠪᠡᠳᠴᠢᠨ ᠡᠮᠨᠡᠨ ᠵᠠᠰᠠᠬᠤ

ᠳᠤᠭᠤᠶᠢᠯᠠᠩ ︵DRG︶ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ︵DIP︶ ᠢᠶᠠᠷ ᠵᠣᠭᠤᠰ

ᠲᠤᠰᠢᠶᠠᠬᠤ 2 . 0 ᠬᠡᠪᠯᠡᠯ ᠤᠨ ᠳᠤᠭᠤᠶᠢᠯᠠᠩ ᠬᠤᠪᠢᠶᠠᠬᠤ ᠲᠥᠰᠥᠯ ᠢ ᠳᠠᠷᠤᠮᠠᠯᠯᠠᠨ ᠲᠠᠷᠬᠠᠭᠠᠬᠤ ᠶᠢᠨ ᠬᠠᠮᠲᠤ

ᠬᠠᠮᠢᠶ᠎ᠠ ᠪᠦᠬᠦᠢ ᠠᠵᠢᠯ ᠢ ᠭᠦᠨᠵᠡᠭᠡᠢ ᠠᠬᠢᠭᠤᠯᠬᠤ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ

ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ

ᠲᠠᠷᠬᠠᠭᠠᠪᠠ᠃

    ︽ᠮᠡᠳᠡᠭᠳᠡᠯ︾ ᠳᠤ᠂ ᠣᠨᠴᠠᠭᠠᠶ ᠵᠢᠱᠢᠶ᠎ᠡ ᠶᠢ ᠲᠤᠰᠬᠠᠢ ᠵᠥᠪᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂

ᠡᠮᠴᠢᠯᠡᠭᠡᠨ ᠤ ᠪᠠᠶᠢᠭᠤᠯᠤᠮᠵᠢ ᠶᠢᠨ ᠨᠠᠷᠢᠨ ᠪᠤᠳᠤᠯᠢᠶᠠᠨᠲᠠᠢ ᠬᠦᠨᠳᠦ ᠲᠦᠭᠰᠢᠭᠦᠷᠢᠲᠡᠢ ᠡᠪᠡᠳᠴᠢᠲᠡᠨ ᠢ ᠭᠥᠯᠢᠶᠡᠨ

ᠠᠪᠴᠤ ᠡᠮᠨᠡᠨ ᠵᠠᠰᠠᠬᠤ ᠲᠠᠯ᠎ᠠ ᠪᠠᠷ ᠬᠢ ᠰᠠᠨᠠᠭᠠᠰᠢᠷᠠᠯ ᠢ ᠠᠷᠢᠯᠭᠠᠵᠤ᠂ ᠳᠤᠷᠠᠲᠠᠶ᠎ᠠ ᠭᠥᠯᠢᠶᠡᠨ ᠠᠪᠴᠤ ᠡᠮᠨᠡᠨ ᠵᠠᠰᠠᠬᠤ᠂

ᠭᠥᠯᠢᠶᠡᠨ ᠠᠪᠴᠤ ᠡᠮᠨᠡᠨ ᠵᠠᠰᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠢ

DRG / DIP ᠡᠪᠡᠳᠴᠢᠨ ᠡᠮᠨᠡᠨ ᠵᠠᠰᠠᠬᠤ ᠳᠤᠭᠤᠶᠢᠯᠠᠩ ︵ᠡᠪᠡᠳᠴᠢᠨ ᠤ ᠲᠥᠷᠥᠯ︶ ᠤᠨ ᠵᠣᠭᠤᠰ ᠲᠤᠰᠢᠶᠠᠬᠤ

ᠪᠠᠷᠢᠮᠵᠢᠶ᠎ᠠ ᠪᠠᠷ ᠬᠢᠵᠠᠭᠠᠷᠯᠠᠯ ᠪᠤᠯᠭᠠᠵᠤ ᠡᠮᠨᠡᠯᠭᠡ ᠶᠢᠨ ᠠᠵᠢᠯᠲᠠᠨ ᠢ ᠬᠢᠨᠠᠨ ᠰᠢᠯᠭᠠᠬᠤ ᠪᠤᠶᠤ ᠠᠵᠢᠯ ᠤᠨ ᠠᠮᠵᠢᠯᠲᠠ

ᠪᠦᠲᠦᠮᠵᠢ ᠶᠢᠨ ᠬᠤᠪᠢᠶᠠᠷᠢᠯᠠᠯᠲᠠ ᠶᠢᠨ ᠭᠦᠢᠴᠡᠳᠬᠡᠬᠦ ᠲᠤᠭ᠎ᠠ ᠲᠠᠢ ᠬᠤᠯᠪᠣᠭᠳᠠᠭᠤᠯᠵᠤ ᠪᠣᠯᠬᠤ ᠦᠭᠡᠢ ᠭᠡᠵᠦ

ᠳᠤᠷᠠᠳᠴᠠᠢ᠃

 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号