ᠣᠶᠢᠷ᠎ᠠ ᠳᠤ ᠨᠢᠭᠡᠨ ᠰᠤᠳᠤᠯᠭᠠᠨ ᠠᠴᠠ᠂ ᠨᠢᠭᠡ ᠲᠥᠷᠥᠯ ᠤᠨ ᠬᠥᠳᠡᠯᠭᠡᠭᠡᠨ ᠨᠢ ᠤᠨᠲᠠᠬᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠪᠠᠷ ᠬᠠᠮᠤᠭ ᠤᠨ ᠰᠠᠶᠢᠨ ᠪᠠᠶᠢᠳᠠᠭ᠃ ᠬᠦᠴᠦᠨ ᠤ ᠪᠣᠯᠪᠠᠰᠤᠷᠠᠯ ᠨᠢ ᠨᠣᠶᠢᠷ ᠢ ᠰᠠᠶᠢᠵᠢᠷᠠᠭᠤᠯᠬᠤ᠂ | ᠤᠨᠲᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠬᠢ ᠦᠷ᠎ᠡ ᠪᠦᠲᠦᠮᠵᠢ ᠨᠢ ᠬᠠᠮᠤᠭ ᠰᠠᠶᠢᠨ ᠪᠠᠶᠢᠳᠠᠭ︕ | ᠭᠡᠳᠡᠭ ᠢ ᠣᠯᠵᠤ ᠮᠡᠳᠡᠪᠡ᠃ | ᠰᠤᠳᠤᠯᠭᠠᠨ ᠳᠤ ᠣᠷᠣᠭᠤᠯᠤᠭᠰᠠᠨ 2649 ᠣᠷᠣᠯᠴᠠᠭᠴᠢ ᠨᠢ 16 ᠨᠠᠰᠤᠨ ᠠᠴᠠ 62.2 ᠨᠠᠰᠤᠨ ᠤ | ᠬᠤᠭᠤᠷᠤᠨᠳᠦᠬᠢ ᠬᠥᠮᠥᠰ ᠪᠠᠶᠢᠪᠠ᠂ ᠡᠭᠦᠨ ᠳᠤ 74.1% ᠨᠢ ᠡᠮᠡᠭᠲᠡᠶᠢᠴᠦᠳ ᠪᠣᠯᠣᠨ᠎ᠠ᠃ ᠲᠡᠳᠡᠨ ᠳᠤ ᠬᠥᠳᠡᠯᠭᠡᠭᠡᠨ | ᠬᠢᠯᠭᠡᠬᠦ ᠠᠷᠭ᠎ᠠ ᠪᠠᠷᠢᠯ ᠠᠪᠴᠠᠢ᠂ ᠬᠥᠳᠡᠯᠭᠡᠭᠡᠨ ᠬᠢᠯᠭᠡᠬᠦ ᠠᠷᠭ᠎ᠠ ᠪᠠᠷᠢᠯ ᠳᠤ᠄ ᠬᠦᠴᠢᠯᠲᠥ᠋ᠷᠥᠭᠴᠢᠲᠦ ᠬᠥᠳᠡᠯᠭᠡᠭᠡᠨ᠂ | ᠬᠦᠴᠦᠨ ᠤ ᠪᠣᠯᠪᠠᠰᠤᠷᠠᠯ᠂ ᠠᠯᠬᠤᠬᠤ᠂ ᠶᠤᠭ᠎ᠠ᠂ ᠭᠦᠨ ᠪᠣᠳᠣᠯᠭᠠᠰᠢᠷᠠᠬᠤ ᠪᠠ ᠨᠠᠢᠮᠠᠯᠠᠭᠰᠠᠨ ᠪᠡᠶ᠎ᠡ ᠴᠢᠭᠢᠷᠠᠭᠵᠢᠭᠤᠯᠬᠤ | ᠬᠥᠳᠡᠯᠭᠡᠭᠡᠨ ᠢ ᠪᠠᠭᠲᠠᠭᠠᠵᠠᠢ᠃ ᠪᠡᠶ᠎ᠡ ᠶᠢᠨ ᠬᠥᠳᠡᠯᠭᠡᠭᠡᠨ ᠤ ᠲᠡᠮᠳᠡᠭᠯᠡᠭᠦᠷ ᠢᠶᠠᠷ ᠳᠠᠮᠵᠢᠨ ᠣᠷᠣᠯᠴᠠᠭᠴᠢ ᠶᠢᠨ ᠤᠨᠲᠠᠬᠤ | ᠴᠢᠨᠠᠷ ᠴᠢᠨᠰᠠᠭ᠎ᠠ ᠵᠢᠴᠢ ᠣᠷᠣᠯᠴᠠᠭᠴᠢ ᠶᠢᠨ ᠤᠨᠲᠠᠬᠤ ᠪᠠᠶᠢᠳᠠᠯ ᠤᠨ ᠲᠤᠬᠠᠢ ᠥᠪᠡᠷ ᠢᠶᠠᠨ ᠦᠨᠡᠯᠡᠳᠡ ᠵᠡᠷᠭᠡ ᠶᠢ | ᠲᠡᠮᠳᠡᠭᠯᠡᠳᠡᠭ᠃ ᠬᠠᠮᠤᠭ ᠡᠴᠦᠰ ᠤᠨ ᠲᠤᠷᠰᠢᠯᠲᠠ ᠶᠢᠨ ᠬᠤᠪᠢ ᠲᠣᠭᠲᠠᠭᠠᠭᠰᠠᠨ ᠦᠷ᠎ᠡ ᠳ᠋ᠦᠩ ᠠᠴᠠ ᠦᠵᠡᠪᠡᠯ᠄ | ᠬᠦᠴᠦᠨ ᠤ ᠪᠣᠯᠪᠠᠰᠤᠷᠠᠯ ᠬᠢᠭᠰᠡᠨ ᠬᠥᠮᠥᠨ ᠨᠢ ᠬᠠᠮᠤᠭ ᠥᠨᠳᠥᠷ ᠬᠤᠪᠢ ᠣᠯᠵᠤ᠂ ᠪᠡᠶ᠎ᠡ ᠶᠢᠨ ᠬᠥᠳᠡᠯᠭᠡᠭᠡᠨ᠂ ᠰᠢᠮ᠎ᠡ | ᠲᠡᠵᠢᠭᠡᠯ ᠤᠨ ᠬᠠᠮᠢᠶᠠᠷᠤᠯᠲᠠ ᠵᠡᠷᠭᠡ ᠶᠢ ᠬᠢᠭᠰᠡᠨ ᠬᠥᠮᠥᠨ ᠤ ᠬᠢ ᠠᠴᠠ ᠢᠯᠡᠳᠲᠡ ᠰᠠᠶᠢᠨ ᠪᠠᠶᠢᠨ᠎ᠠ᠃ | ᠰᠤᠳᠤᠯᠭᠠᠨ ᠠᠴᠠ᠄ 65 ᠨᠠᠰᠤᠨ ᠠᠴᠠ ᠳᠣᠷᠣᠭᠰᠢᠬᠢ ᠬᠥᠮᠥᠨ ᠳᠤ ᠠᠪᠴᠤ ᠬᠡᠯᠡᠪᠡᠯ᠂ ᠬᠦᠴᠦᠨ ᠤ | ᠪᠣᠯᠪᠠᠰᠤᠷᠠᠯ ᠪᠣᠯ ᠤᠨᠲᠠᠬᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠬᠠᠮᠤᠭ ᠤᠨ ᠪᠦᠲᠦᠮᠵᠢᠲᠡᠶ ᠡᠮᠲᠦ ᠪᠣᠳᠠᠰ ᠤᠨ | ᠪᠤᠰᠤ ᠠᠷᠭ᠎ᠠ ᠮᠠᠶ᠋ᠢᠭ ᠪᠣᠯᠣᠨ᠎ᠠ᠂ ᠭᠦᠶᠦᠬᠦ᠂ ᠠᠯᠬᠤᠬᠤ ᠵᠡᠷᠭᠡ ᠬᠦᠴᠢᠯᠲᠥ᠋ᠷᠥᠭᠴᠢᠲᠦ ᠬᠥᠳᠡᠯᠭᠡᠭᠡᠨ ᠠᠴᠠ ᠨᠠᠩ | ᠠᠰᠢᠭᠲᠠᠢ ᠪᠠᠶᠢᠳᠠᠭ ᠭᠡᠳᠡᠭ ᠢ ᠣᠯᠵᠤ ᠮᠡᠳᠡᠵᠡᠢ᠃ | ᠶᠠᠭᠠᠬᠢᠭᠠᠳ ᠬᠦᠴᠦᠨ ᠤ ᠪᠣᠯᠪᠠᠰᠤᠷᠠᠯ ᠨᠢ ᠨᠣᠶᠢᠷ ᠢ ᠰᠠᠶᠢᠵᠢᠷᠠᠭᠤᠯᠬᠤ ᠳᠤ ᠲᠤᠰᠠᠲᠠᠢ ᠪᠠᠶᠢᠳᠠᠭ ᠪᠤᠢ︖ | ᠡᠭᠦᠨ ᠤ ᠲᠤᠬᠠᠢ ᠰᠤᠳᠤᠯᠭᠠᠨ ᠤ ᠠᠵᠢᠯᠲᠠᠨ ᠬᠡᠯᠡᠬᠦ ᠳᠡᠭᠡᠨ᠂ ᠬᠦᠴᠦᠨ ᠤ ᠪᠣᠯᠪᠠᠰᠤᠷᠠᠯ ᠨᠢ ᠰᠡᠳᠬᠢᠴᠡ ᠶᠢᠨ ᠡᠷᠡᠭᠦᠯ | ᠮᠡᠨᠳᠦ ᠶᠢ ᠰᠠᠶᠢᠵᠢᠷᠠᠭᠤᠯᠬᠤ ᠪᠠᠷ ᠳᠡᠮᠵᠢᠨ ᠨᠣᠶᠢᠷ ᠢ ᠰᠠᠶᠢᠵᠢᠷᠠᠭᠤᠯᠳᠠᠭ᠂ ᠵᠢᠱᠢᠶᠡᠯᠡᠪᠡᠯ ᠵᠣᠪᠠᠨᠢᠯ ᠪᠠ ᠭᠠᠩᠰᠠᠷᠠᠯ ᠢ | ᠰᠠᠶᠢᠵᠢᠷᠠᠭᠤᠯᠳᠠᠭ᠃ ᠡᠭᠦᠨ ᠠᠴᠠ ᠡᠮᠦᠨ᠎ᠡ ᠪᠠᠰᠠ ᠨᠢᠭᠡᠨ ᠰᠤᠳᠤᠯᠭᠠᠨ ᠳᠤ᠂ ᠬᠦᠴᠦᠨ ᠤ ᠪᠣᠯᠪᠠᠰᠤᠷᠠᠯ ᠨᠢ ᠪᠤᠯᠴᠢᠩ | ᠨᠡᠬᠡᠳᠡᠰᠦ ᠳᠤ ᠳᠠᠷᠤᠯᠲᠠ ᠥᠭᠴᠦ᠂ ᠶᠡᠭᠡ ᠲᠠᠷᠢᠬᠢᠨ ᠳᠤ ᠳᠣᠬᠢᠶ᠎ᠠ ᠦᠭᠳᠡᠭ ᠠᠴᠠ ᠪᠡᠶ᠎ᠡ ᠮᠠᠬᠠᠪᠤᠳ ᠨᠢ ᠨᠠᠩ ᠰᠠᠶᠢᠨ | ᠤᠨᠲᠠᠵᠤ ᠪᠠᠶᠢᠭᠠᠳ ᠭᠡᠮᠲᠦᠯ ᠢᠶᠠᠨ ᠵᠠᠰᠠᠬᠤ ᠴᠢᠬᠤᠯᠠᠲᠠᠢ ᠪᠠᠶᠢᠳᠠᠭ ᠢ ᠭᠡᠷᠡᠴᠢᠯᠡᠪᠡ ᠭᠡᠵᠡᠢ᠃ | | |