ᠭᠤᠷᠪᠠᠨ ᠹᠦ᠋ ᠶᠢᠨ ᠬᠠᠯᠠᠭᠤᠨ ᠳᠤ᠂ ᠮᠠᠰᠢ ᠣᠯᠠᠨ ᠬᠥᠮᠥᠨ ᠬᠠᠯᠠᠭᠤᠨ ᠠᠴᠠ ᠵᠠᠶᠢᠯᠠᠵᠤ ᠭᠡᠷ ᠲᠡᠭᠡᠨ ᠰᠠᠭᠤᠵᠤ | ᠪᠠᠶᠢᠳᠠᠭ᠃ ᠲᠤᠰᠬᠠᠢ ᠮᠡᠷᠭᠡᠵᠢᠯᠲᠡᠨ᠄ ᠭᠡᠷ ᠲᠡᠭᠡᠨ ᠪᠠᠶᠢᠭᠰᠠᠨ ᠴᠤ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠢ᠃ ᠭᠡᠷ | ᠳᠣᠲᠣᠷᠠᠬᠢ ᠬᠠᠯᠠᠭᠤᠨ ᠤ ᠬᠡᠮᠵᠢᠶ᠎ᠡ ᠨᠢ 32 °C ᠠᠴᠠ ᠳᠡᠭᠡᠭᠰᠢ᠂ ᠴᠢᠭᠢᠭ ᠤᠨ ᠬᠡᠮᠵᠢᠶ᠎ᠡ ᠨᠢ 60 % ᠠᠴᠠ | ᠳᠡᠭᠡᠭᠰᠢ ᠪᠣᠯᠵᠤ᠂ ᠠᠭᠠᠷ ᠨᠡᠪᠲᠡᠷᠡᠬᠦ ᠦᠭᠡᠢ ᠦᠶ᠎ᠡ ᠳᠤ ᠠᠮᠠᠷᠬᠠᠨ ᠨᠠᠷᠠᠰᠢᠬᠤ ᠪᠠᠶᠢᠳᠠᠯ ᠭᠠᠷᠳᠠᠭ᠃ ᠨᠠᠷᠠᠰᠢᠭᠰᠠᠨ | ᠢᠯᠡᠷᠡᠯ ᠰᠢᠨᠵᠢ ᠭᠠᠷᠪᠠᠯ ᠳᠠᠷᠤᠢ ᠲᠦᠷᠭᠡᠨ ᠨᠠᠷᠠᠰᠢᠬᠤ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠶᠡᠷᠦ ᠶᠢᠨ ᠬᠠᠯᠠᠭᠤᠨ ᠢ ᠪᠠᠭᠤᠷᠠᠭᠤᠯᠬᠤ ᠡᠮ ᠤᠤᠭᠤᠬᠤ ᠨᠢ ᠶᠠᠮᠠᠷᠴᠤ ᠦᠢᠯᠡᠳᠦᠯ ᠲᠤᠰᠠ ᠭᠠᠷᠬᠤ ᠦᠭᠡᠢ᠃ ᠬᠠᠷᠢᠨ | ᠥᠨᠳᠥᠷ ᠬᠠᠯᠠᠭᠤᠨ ᠣᠷᠴᠢᠨ ᠲᠣᠭᠤᠷᠢᠨ ᠠᠴᠠ ᠨᠢ ᠠᠯᠢ ᠪᠤᠯᠬᠤ ᠪᠠᠷ ᠲᠦᠷᠭᠡᠨ ᠵᠠᠶᠢᠯᠠᠭᠤᠯᠵᠤ᠂ ᠤᠷᠢᠳ ᠢᠶᠠᠷ | ᠡᠪᠡᠳᠴᠢᠲᠡᠨ ᠢ ᠰᠠᠯᠬᠢ ᠨᠡᠪᠲᠡᠷᠡᠬᠦ ᠭᠠᠵᠠᠷ ᠲᠤ ᠰᠢᠯᠵᠢᠭᠦᠯᠵᠦ᠂ ᠡᠪᠡᠳᠴᠢᠲᠡᠨ ᠳᠤ ᠲᠦᠷᠭᠡᠨ ᠤᠰᠤ ᠪᠠ ᠡᠷᠦᠳᠡᠰᠦ | ᠨᠥᠬᠦᠪᠦᠷᠢᠯᠡᠬᠦ ᠬᠡᠷᠡᠭᠲᠡᠢ᠃ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ᠂ ᠬᠦᠢᠲᠡᠨ ᠤᠰᠤ ᠪᠠᠷ ᠪᠡᠶ᠎ᠡ ᠶᠢ | ᠨᠢ ᠵᠦᠯᠭᠦᠬᠦ ᠪᠤᠶᠤ ᠪᠦᠯᠢᠶᠡᠨ ᠤᠰᠤ ᠪᠠᠷ ᠪᠡᠶ᠎ᠡ ᠶᠢ ᠨᠢ ᠤᠬᠢᠶᠠᠬᠤ ᠬᠡᠷᠡᠭᠲᠡᠢ᠂ ᠬᠦᠨᠳᠦ ᠨᠠᠷᠠᠰᠢᠭᠰᠠᠨ ᠪᠠᠶᠢᠪᠠᠯ | ᠮᠥᠰᠥᠨ ᠤᠭᠤᠲᠠ ᠶᠢ ᠡᠪᠡᠳᠴᠢᠲᠡᠨ ᠤ ᠮᠠᠩᠨᠠᠢ᠂ ᠬᠦᠵᠦᠭᠦᠨ ᠤ ᠬᠡᠰᠡᠭ᠂ ᠰᠤᠭᠤ ᠪᠠ ᠴᠠᠪᠢᠨ ᠳᠤᠨᠢ ᠲᠠᠯᠪᠢᠵᠤ᠂ | ᠡᠪᠡᠳᠴᠢᠲᠡᠨ ᠤ ᠪᠡᠶ᠎ᠡ ᠶᠢᠨ ᠢᠯᠴᠢ ᠶᠢ ᠲᠠᠷᠬᠠᠭᠠᠨ ᠪᠠᠭᠤᠷᠠᠭᠤᠯᠬᠤ ᠶᠢ ᠲᠦᠷᠭᠡᠳᠬᠡᠬᠦ ᠬᠡᠷᠡᠭᠲᠡᠢ ᠭᠡᠵᠦ ᠰᠠᠨᠠᠭᠤᠯᠪᠠ᠃ | ᠪᠢᠲᠡᠭᠦᠦ ᠣᠷᠣᠨ ᠵᠠᠢ ᠳᠤ ᠣᠷᠳᠣ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠶᠢ ᠬᠡᠷᠡᠭᠯᠡᠬᠦ᠂ ᠴᠢᠨᠠᠭᠰᠢᠯᠠᠪᠠᠯ | ᠵᠠᠷᠢᠮ ᠦᠶ᠎ᠡ ᠳᠤ ᠠᠭᠠᠷ ᠲᠣᠬᠢᠷᠠᠭᠤᠯᠤᠭᠴᠢ ᠶᠢᠨ ᠬᠠᠯᠠᠭᠤᠨ ᠤ ᠬᠡᠮᠵᠢᠶ᠎ᠡ ᠨᠡᠯᠢᠶᠡᠳ ᠳᠣᠣᠷ᠎ᠠ ᠪᠠᠶᠢᠬᠤ ᠳᠤ ᠬᠦᠷᠪᠡᠯ | ᠪᠡᠶ᠎ᠡ ᠡᠪ ᠦᠭᠡᠶᠢᠷᠡᠬᠦ ᠪᠠᠶᠢᠳᠠᠯ ᠰᠢᠨᠵᠢ ᠨᠤᠭᠤᠳ ᠭᠠᠷᠴᠤ ᠮᠡᠳᠡᠨ᠎ᠡ᠂ ᠡᠭᠦᠨ ᠳᠤ ᠠᠮᠢᠰᠬᠤᠯ ᠤᠨ ᠰᠢᠰᠲ᠋ᠧᠮ ᠤᠨ | ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ᠂ ᠬᠠᠷᠰᠢᠮᠠᠲᠠᠭᠠᠢ ᠴᠢᠨᠠᠷᠲᠠᠢ ᠡᠪᠡᠳᠴᠢᠨ ᠵᠡᠷᠭᠡ ᠪᠤᠢ᠂ ᠡᠭᠦᠨ ᠢ | ᠶᠡᠷᠦᠩᠬᠡᠶᠢᠯᠡᠭᠡᠳ ︽ᠠᠭᠠᠷ ᠲᠣᠬᠢᠷᠠᠭᠤᠯᠤᠭᠴᠢ ᠶᠢᠨ ᠡᠪᠡᠳᠴᠢᠨ︾ ᠭᠡᠳᠡᠭ᠃ | | |