ᠤᠯᠠᠭᠠᠢ ᠬᠠᠮᠢᠶᠠᠷᠤᠯᠲᠠ ᠶᠢᠨ ᠣᠷᠣᠨ ᠤ ᠥᠷᠭᠡᠨ ᠣᠯᠠᠨ ᠰᠠᠭᠤᠭᠠᠯᠢ ᠠᠷᠠᠳ᠄ | ᠡᠨᠡ ᠬᠦ ᠵᠤᠨ ᠤ ᠡᠳᠦᠷ ᠤᠨ ᠲᠠᠰᠢᠷᠠᠮ ᠳᠤ᠂ ᠭᠡᠷ ᠤᠨ ᠭᠠᠳᠠᠨᠠᠬᠢ ᠬᠡᠭᠡᠷ᠎ᠡ ᠬᠤᠭᠤᠯᠠᠯᠠᠬᠤ ᠨᠢ ᠬᠥᠮᠥᠰ ᠤᠨ | ᠬᠦᠷᠢᠶᠡᠯᠡᠯ ᠢ ᠣᠯᠣᠭᠰᠠᠨ ᠰᠡᠯᠡᠭᠦᠴᠡᠯ ᠤᠨ ᠠᠵᠢᠯᠯᠠᠭ᠎ᠠ ᠪᠣᠯᠤᠭᠰᠠᠨ ᠤ ᠬᠤᠪᠢ ᠳᠤ᠂ ᠬᠥᠮᠥᠰ ᠲᠤ ᠪᠠᠶᠠᠷ ᠪᠠᠭ᠋ᠠᠳᠤᠯ | ᠪᠠ ᠰᠤᠯᠠᠳᠬᠠᠯ ᠢ ᠠᠪᠴᠢᠷᠠᠵᠤ ᠥᠭᠴᠡᠢ᠃ ᠭᠡᠪᠡᠴᠦ᠂ ᠪᠠᠶᠢᠭᠠᠯᠢ ᠪᠣᠯᠣᠨ ᠠᠮᠲᠠᠲᠤ ᠢᠳᠡᠭᠡᠨ ᠢ ᠵᠣᠭᠤᠭᠳᠠᠬᠤ | ᠶᠠᠪᠤᠴᠠ ᠳᠤᠮᠳᠠ᠂ ᠭᠠᠯ ᠤᠨᠲᠠᠷᠠᠭᠠᠬᠤ ᠠᠮᠤᠷ ᠲᠦᠪᠰᠢᠨ ᠢ ᠪᠠᠰᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ | ᠬᠡᠷᠡᠭᠲᠡᠢ᠃ | ᠲᠠ ᠪᠣᠯᠣᠨ ᠪᠤᠰᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ | ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠲᠠᠨ ᠳᠤ ᠰᠠᠨᠠᠭᠤᠯᠤᠭᠰᠠᠨ ᠢᠶᠠᠷ᠄ | 1. ᠭᠠᠯ ᠬᠡᠷᠡᠭᠯᠡᠬᠦ ᠵᠠᠩᠭᠢᠯᠠᠭ᠎ᠠ ᠶᠢ ᠴᠢᠩᠭ᠎ᠠ ᠡᠵᠡᠮᠳᠡᠵᠦ᠂ ᠢᠯᠡ ᠭᠠᠯ ᠬᠡᠷᠡᠭᠯᠡᠬᠦ ᠠᠴᠠ ᠡᠮᠦᠨ᠎ᠡ ᠡᠷᠭᠢᠨ | ᠲᠣᠭᠤᠷᠢᠨ ᠤ ᠨᠣᠴᠣᠮᠠᠲᠠᠭᠠᠢ ᠡᠳ᠋ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ᠃ | 2. ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠳᠦᠷᠢᠮᠵᠢᠯᠡᠨ ᠠᠵᠢᠯᠯᠠᠭᠤᠯᠬᠤ ᠳᠤ᠂ᠬᠡᠷᠪᠡ ᠺᠠᠷᠲ ᠮᠠᠶ᠋ᠢᠭ ᠤᠨ | ᠵᠤᠤᠬ᠎ᠠ ᠵᠡᠷᠭᠡ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠬᠡᠷᠡᠭᠯᠡᠪᠡᠯ᠂ ᠡᠷᠬᠡᠪᠰᠢ ᠬᠡᠢ ᠶᠢᠨ ᠰᠠᠪᠠ ᠶᠢᠨ ᠪᠦᠷᠢᠨ | ᠪᠦᠲᠦᠨ ᠴᠢᠨᠠᠷ ᠪᠠ ᠳᠠᠷᠤᠯᠲᠠ ᠪᠠᠷ ᠬᠠᠮᠠᠭᠠᠯᠠᠬᠤ ᠲᠥᠬᠦᠭᠡᠷᠦᠮᠵᠢ ᠶᠢ ᠨᠠᠷᠢᠨ ᠬᠢᠨᠠᠮᠠᠭᠠᠢ ᠪᠠᠶᠢᠴᠠᠭᠠᠵᠤ᠂ ᠵᠤᠤᠬ᠎ᠠ ᠶᠢᠨ | ᠪᠡᠶ᠎ᠡ ᠶᠢᠨ ᠶᠡᠭᠡ ᠪᠠᠭ᠎ᠠ ᠠᠴᠠ ᠳᠠᠪᠠᠭᠰᠠᠨ ᠪᠠᠶᠢᠵᠤ ᠴᠠᠭᠠᠰᠢᠯᠠᠪᠠᠯ ᠬᠡᠢ ᠶᠢᠨ ᠰᠠᠪᠠ ᠶᠢ ᠪᠢᠲᠡᠭᠦᠮᠵᠢᠯᠡᠵᠦ ᠪᠠᠶᠢᠭᠠᠳ | ᠬᠡᠷᠡᠭᠯᠡᠭᠰᠡᠨ ᠤ ᠳᠠᠷᠠᠭ᠎ᠠ ᠬᠡᠢ ᠶᠢᠨ ᠲᠦᠩᠰᠡ ᠶᠢ ᠪᠠᠭᠤᠯᠭᠠᠬᠤ ᠪᠠ ᠺᠠᠪᠧᠯ ᠵᠤᠤᠬ᠎ᠠ ᠶᠢ ᠰᠠᠯᠭᠠᠨ ᠬᠠᠳᠠᠭᠠᠯᠠᠬᠤ | ᠬᠡᠷᠡᠭᠲᠡᠢ | 3. ᠭᠡᠷ ᠤᠨ ᠭᠠᠳᠠᠨᠠᠬᠢ ᠬᠡᠭᠡᠷ᠎ᠡ ᠶᠢᠨ ᠲᠣᠭᠤᠭᠠᠨ ᠳᠤ ᠬᠡᠷᠡᠭᠯᠡᠵᠦ ᠪᠠᠶᠢᠭ᠎ᠠ ᠮᠣᠳᠣᠨ ᠨᠡᠭᠦᠷᠡᠰᠦ ᠳᠤ ᠵᠥᠪ | ᠣᠨᠣᠪᠴᠢᠲᠠᠢ ᠰᠢᠢᠳᠪᠦᠷᠢᠯᠡᠬᠦ ᠠᠷᠭ᠎ᠠ ᠨᠢ ᠲᠤᠶᠢᠯ ᠤᠨ ᠴᠢᠬᠤᠯᠠ ᠪᠠᠶᠢᠳᠠᠭ᠂ ᠰᠢᠷᠠᠵᠤ ᠰᠢᠷᠠᠬᠤ ᠶᠠᠪᠤᠳᠠᠯ | ᠳᠠᠭᠤᠰᠤᠭᠰᠠᠨ ᠤ ᠳᠠᠷᠠᠭ᠎ᠠ᠂ ᠭᠦᠢᠴᠡᠳ ᠬᠡᠮᠵᠢᠶᠡᠨ ᠤ ᠤᠰᠤ ᠪᠠᠷ ᠨᠡᠭᠦᠷᠡᠰᠦᠨ ᠭᠠᠯ ᠢ ᠨᠢ ᠤᠨᠲᠠᠷᠠᠭᠠᠵᠤ᠂ ᠨᠡᠭᠦᠷᠡᠰᠦᠨ | ᠭᠠᠯ ᠨᠢ ᠪᠦᠷᠢᠮᠦᠰᠦᠨ ᠤᠨᠲᠠᠷᠠᠭᠰᠠᠨ ᠤ ᠳᠠᠷᠠᠭ᠎ᠠ ᠳᠠᠬᠢᠨ ᠴᠢᠭᠢᠭᠯᠢᠭ ᠬᠥᠷᠥᠰᠥ ᠪᠠᠷ ᠬᠤᠴᠢᠵᠤ᠂ ᠭᠠᠯ ᠤᠨ | ᠠᠶᠤᠯ ᠤᠨ ᠳᠠᠯᠳᠠ ᠭᠡᠮ ᠡᠭᠦᠰᠬᠦ ᠠᠴᠠ ᠰᠡᠷᠭᠡᠶᠢᠯᠡᠨ᠎ᠡ᠃ | 4᠂ ᠮᠥᠨ ᠭᠠᠯ ᠭᠠᠷᠠᠭ ᠲᠠᠢ ᠲᠠᠮᠠᠬᠢᠨ ᠪᠤᠲᠠ᠂ ᠣᠢ ᠮᠣᠳᠣ᠂ ᠬᠠᠭᠤᠷᠠᠢ ᠪᠡᠯᠴᠢᠭᠡᠷ ᠪᠤᠶᠤ ᠨᠣᠴᠣᠮᠠᠲᠠᠭᠠᠢ | ᠤᠷᠭᠤᠮᠠᠯ ᠤᠨ ᠳᠡᠷᠭᠡᠳᠡ ᠳᠤᠷ᠎ᠠ ᠪᠠᠷ ᠢᠶᠠᠨ ᠰᠢᠲᠠᠭᠠᠵᠤ ᠪᠣᠯᠬᠤ ᠦᠭᠡᠢ᠃ | 5᠂ ᠭᠠᠯ ᠤᠨᠲᠠᠷᠠᠭᠠᠬᠤ ᠪᠠᠭᠠᠵᠢ᠂ ᠤᠰᠤᠨ ᠰᠠᠭᠤᠯᠠᠭ᠎ᠠ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠲᠠᠨᠢᠯᠴᠠᠭᠤᠯᠵᠤ᠂ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠶᠢ ᠠᠷᠭᠠᠴᠠᠭᠠᠨ᠎ᠠ᠃ | 6. ᠬᠡᠭᠡᠷ᠎ᠡ ᠬᠤᠭᠤᠯᠠᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠷᠬᠡᠪᠰᠢ ᠲᠤᠬᠠᠢ ᠶᠢᠨ ᠲᠠᠯᠠᠪᠠᠶ ᠳᠤ ᠨᠠᠷᠢᠨ | ᠨᠢᠮᠪᠠᠢ ᠪᠠᠶᠢᠴᠠᠭᠠᠯᠲᠠ ᠬᠢᠵᠦ᠂ ᠠᠯᠢᠪᠠ ᠭᠠᠯ ᠤᠨ ᠲᠥᠷᠥᠯ ᠦᠯᠡᠳᠡᠭᠡ ᠦᠭᠡᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ |