ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠬᠤᠷᠠᠯ ᠬᠤᠷᠠᠯᠳᠤᠪᠠ  ᠼᠤᠤ ᠸᠧᠢ ᠰᠢᠩ  ᠬᠦᠦᠳᠠᠭᠤᠯᠠ ᠶᠠᠷᠢᠶ᠎ᠠ ᠲᠠᠯᠪᠢᠵᠤ ᠰᠦᠨ ᠵᠢᠶᠦ᠋ᠨ ᠴᠢᠩ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/8/13

    8 ᠳ᠋ᠤᠭᠠᠷ ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ

ᠬᠤᠷᠠᠯ ᠬᠥᠬᠡᠬᠤᠲᠠᠨ᠎ᠠ ᠬᠤᠷᠠᠯᠳᠤᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ

ᠭᠡᠰᠢᠭᠦᠨ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶᠠᠨ ᠤ ᠳᠡᠳ᠋ ᠲᠡᠷᠢᠭᠦᠯᠡᠭᠴᠢ

ᠼᠤᠤ ᠸᠧᠢ ᠰᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ

ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠭᠰᠠᠨ ᠪᠥᠭᠡᠳ ᠲᠤᠰ ᠪᠦᠷᠢ ᠶᠠᠷᠢᠶ᠎ᠠ

ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠤᠮᠳᠠᠳᠤ

ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠬᠤᠷᠢᠶᠠᠨ ᠤ ᠡᠷᠬᠢᠯᠡᠭᠴᠢ ᠭᠡᠰᠢᠭᠦᠨ ᠰᠦᠨ ᠵᠢᠶᠦ᠋ᠨ ᠴᠢᠩ ᠬᠤᠷᠠᠯ ᠳᠤ ᠣᠷᠣᠯᠴᠠᠭᠰᠠᠨ ᠪᠠᠶᠢᠨ᠎ᠠ᠃

     ᠼᠤᠤ ᠸᠧᠢ ᠰᠢᠩ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ ᠪᠠᠷ ᠳᠤᠮᠳᠠᠳᠤ ᠤᠯᠤᠰ ᠤᠨ

ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠨᠢ

ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠪᠣᠯᠤᠭᠰᠠᠨ ᠤ ᠬᠤᠪᠢ ᠳᠤ ᠡᠭᠦᠷᠭᠡ ᠴᠢᠳᠠᠪᠬᠢ ᠪᠠᠨ ᠰᠠᠶᠢᠲᠤᠷ

ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ

ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ

ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃

    ᠬᠦᠦᠳᠠᠭᠤᠯᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠬᠤᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ

ᠭᠤᠷᠪᠠᠳᠤᠭᠠᠷ ᠪᠦᠬᠦᠳᠡ ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ

ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ

ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠨ ᠣᠷᠣᠬᠤ ᠳᠤ ᠨᠡᠩ ᠶᠡᠭᠡ

ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃

    ᠬᠤᠷᠠᠯ ᠳᠡᠭᠡᠷ᠎ᠡ ᠲᠡᠷᠢᠭᠦᠨ ᠤ ᠬᠠᠮᠲᠤ ᠨᠡᠶᠢᠲᠡ᠂ ᠬᠤᠪᠢ ᠬᠥᠮᠥᠨ ᠪᠠ ︽ᠠᠷᠠᠳᠴᠢᠯᠠᠭᠰᠠᠨ ᠬᠤᠯᠪᠤᠭ᠎ᠠ ᠳᠤ

ᠣᠷᠣᠭᠰᠠᠨ ᠢᠷᠠᠭᠤ ᠠᠯᠳᠠᠷᠲᠤ 40 ᠵᠢᠯ︾ ᠤᠨ ᠬᠤᠯᠪᠣᠭᠠᠨ ᠤ ᠭᠡᠰᠢᠭᠦᠳ ᠢ ᠬᠥᠬᠢᠭᠦᠯᠦᠨ ᠰᠠᠶᠢᠰᠢᠶᠠᠪᠠ᠃ ᠲᠡᠷᠡ

ᠡᠳᠦᠷ ᠨᠢ ᠪᠠᠰᠠ ᠤᠷᠠᠨ ᠵᠢᠷᠤᠭ ᠤᠨ ᠦᠵᠡᠰᠬᠦᠯᠡᠩ ᠪᠠ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠵᠠᠢ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号