ᠨᠤᠲᠤᠭ ᠪᠡᠯᠴᠢᠭᠡᠷ ᠤᠨ ᠡᠪᠡᠰᠦ ᠲᠠᠷᠢᠬᠤ ᠠᠵᠢᠯ ᠢ ᠥᠷᠨᠢᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠡᠬᠢ ᠪᠠ᠊ᠶ‍ᠠᠯᠢᠭ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/8/14

    ᠣᠶᠢᠷ᠎ᠠ ᠶᠢᠨ ᠡᠳᠦᠷ ᠤᠳ ᠲᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠤᠯᠠᠭᠠᠢ

ᠪᠠᠶᠢᠭᠠᠯᠢ ᠶᠢᠨ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠡᠯᠪᠡᠭ ᠪᠠᠶᠢᠳᠠᠭ ᠳᠠᠪᠠᠭᠤᠯᠢᠭ ᠲᠤ

ᠰᠠᠭᠤᠷᠢᠯᠠᠨ᠂ ᠴᠢᠨᠠᠷ ᠰᠠᠶᠢᠲᠠᠢ ᠨᠤᠲᠤᠭ ᠪᠡᠯᠴᠢᠭᠡᠷ ᠤᠨ ᠦᠷ᠎ᠡ ᠡᠭᠦᠯᠳᠡᠷ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ

ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠬᠢᠨᠠᠨ ᠬᠡᠮᠵᠢᠬᠦ

ᠠᠵᠢᠯ ᠲᠠᠢ ᠤᠶᠠᠯᠳᠤᠭᠤᠯᠤᠨ ᠨᠤᠲᠤᠭ ᠪᠡᠯᠴᠢᠭᠡᠷ ᠤᠨ ᠦᠷ᠎ᠡ ᠡᠭᠦᠯᠳᠡᠷ ᠤᠨ ᠪᠣᠯᠪᠠᠰᠤᠷᠠᠭᠰᠠᠨ ᠬᠡᠮᠵᠢᠶ᠎ᠡ ᠳᠤ ᠪᠥᠬᠦ

ᠲᠠᠯ᠎ᠠ ᠶᠢᠨ ᠪᠠᠶᠢᠴᠠᠭᠠᠯᠲᠠ ᠬᠢᠪᠡ᠃ ᠦᠷ᠎ᠡ‌‍ᠳᠦ᠋ᠩ ᠠᠴᠠ ᠦᠵᠡᠬᠦ ᠳᠤ᠂ ᠬᠡᠰᠡᠭ ᠰᠢᠯᠢᠳᠡᠭ ᠲᠡᠵᠢᠭᠡᠯ ᠡᠪᠡᠰᠦᠨ ᠤ

ᠲᠥᠷᠥᠯ ᠨᠢᠭᠡᠨᠲᠡ ᠠᠭᠠᠵᠢᠮ ᠢᠶᠠᠷ ᠪᠣᠯᠪᠠᠰᠤᠷᠠᠵᠤ8 ᠳ᠋ᠤᠭᠠᠷ ᠰᠠᠷ᠎ᠠ ᠶᠢᠨ 13 ᠤ ᠡᠳᠦᠷ᠂ ᠣᠶ ᠰᠢᠭᠤᠢ ᠪᠠ ᠨᠤᠲᠤᠭ

ᠪᠡᠯᠴᠢᠭᠡᠷ ᠤᠨ ᠠᠵᠢᠯ ᠤᠨ ᠥᠷᠲᠡᠭᠡ ᠨᠤᠲᠤᠭ ᠤᠨ ᠡᠪᠡᠰᠦ ᠶᠢ ᠴᠤᠭᠯᠠᠭᠤᠯᠬᠤ ᠠᠵᠢᠯ ᠢ ᠪᠥᠬᠦ ᠲᠠᠯ᠎ᠠ ᠪᠠᠷ

ᠥᠷᠨᠢᠭᠦᠯᠪᠡ᠃

    ᠣᠳᠣᠬᠠᠨ ᠳᠤ ᠴᠤᠭᠯᠠᠭᠤᠯᠤᠭᠰᠠᠨ ᠡᠪᠡᠰᠦᠨ ᠦᠷ᠎ᠡ ᠶᠢᠨ ᠲᠥᠷᠥᠯ ᠵᠦᠢᠯ ᠨᠢ ᠭᠤᠣᠯᠳᠠᠭᠤ ᠶᠠᠰᠤ ᠴᠢᠨᠠᠷ ᠢᠶᠠᠷ

ᠰᠠᠶᠢᠨ᠂ ᠮᠠᠨ ᠤ ᠭᠠᠵᠠᠷ ᠤᠨ ᠣᠷᠴᠢᠨ ᠲᠣᠭᠤᠷᠢᠨ ᠳᠤ ᠵᠣᠬᠢᠴᠠᠬᠤ ᠴᠢᠨᠠᠷ ᠢᠶᠠᠷ ᠴᠢᠩᠭ᠎ᠠ᠂ ᠰᠥᠷᠬᠦ ᠶᠢ ᠡᠰᠡᠷᠭᠦᠴᠡᠬᠦ

ᠴᠢᠨᠠᠷ ᠢᠶᠠᠷ ᠰᠠᠶᠢᠨ᠂ ᠦᠷᠡᠵᠢᠭᠦᠯᠦᠨ ᠪᠣᠶᠢᠵᠢᠭᠤᠯᠬᠤ ᠴᠢᠨᠠᠷ ᠢᠶᠠᠷ ᠲᠣᠭᠲᠠᠭᠤᠨ ᠦᠶᠡᠲᠦ ᠡᠪᠡᠰᠦ ᠪᠠᠷ ᠭᠤᠣᠯ

ᠪᠣᠯᠭᠠᠵᠤ ᠪᠠᠶᠢᠨ᠎ᠠ᠃ ᠡᠪᠡᠰᠦᠨ ᠤ ᠦᠷ᠎ᠡ ᠨᠢ ᠠᠳᠠᠯᠢ ᠪᠤᠰᠤ᠂ ᠦᠷ᠎ᠡ ᠶᠢᠨ ᠪᠣᠯᠪᠠᠰᠤᠷᠠᠩᠭᠤᠢ ᠪᠣᠯᠤᠭᠰᠠᠨ ᠬᠤᠭᠤᠴᠠᠭ᠎ᠠ

 ᠨᠢ ᠴᠦ ᠠᠳᠠᠯᠢ ᠪᠤᠰᠤ᠂ ᠳᠠᠷᠠᠭ᠎ᠠ ᠠᠯᠬᠤᠮ ᠳᠤ᠂ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ

 ᠨᠢ ᠴᠠᠭ ᠲᠤᠬᠠᠢ ᠳᠤᠨᠢ ᠪᠤᠰᠤᠳ ᠴᠢᠨᠠᠷ ᠰᠠᠶᠢᠲᠠᠢ ᠡᠪᠡᠰᠦᠨ ᠤ ᠦᠷ᠎ᠡ ᠶᠢᠨ ᠪᠣᠯᠪᠠᠰᠤᠷᠠᠩᠭᠤᠢ ᠪᠠᠶᠢᠳᠠᠯ ᠢ ᠠᠵᠢᠭᠯᠠᠨ

ᠪᠠᠶᠢᠴᠠᠭᠠᠵᠤ᠂ ᠠᠳᠠᠯᠢ ᠪᠤᠰᠤ ᠡᠪᠡᠰᠦᠨ ᠦᠷ᠎ᠡ ᠶᠢ ᠦᠨᠳᠦᠰᠦᠯᠡᠨ ᠠᠳᠠᠯᠢ ᠪᠤᠰᠤ ᠦᠷ᠎ᠡ ᠪᠠ ᠲᠡᠭᠦᠬᠦ ᠠᠷᠭ᠎ᠠ

ᠮᠠᠶ᠋ᠢᠭ ᠢ ᠲᠣᠭᠲᠠᠭᠠᠵᠤ᠂ ᠴᠠᠭ ᠲᠤᠨᠢ ᠲᠣᠬᠢᠷᠠᠭᠤᠯᠤᠨ ᠦᠷ᠎ᠡ ᠲᠡᠭᠦᠬᠦ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号