ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ 2020 ᠣᠨ ᠠᠴᠠ | ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠯᠡ ᠮᠥᠩᠭᠦ ᠶᠢ ᠨᠡᠶᠢᠲᠡ 11.3 ᠳ᠋ᠦᠩᠰᠢᠭᠤᠷ ᠲᠥᠭᠦᠷᠢᠭ ᠪᠠᠭᠤᠯᠭᠠᠵᠤ᠂ ᠬᠥᠬᠡᠬᠤᠲᠠ ᠪᠤᠭᠤᠲᠤ ᠣᠷᠳᠣᠰ ᠲᠠᠬᠢ | ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ᠂ ᠣᠷᠳᠣᠰ | ᠬᠤᠲᠠ ᠳᠠᠬᠢ ᠤᠯᠤᠰ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ ᠴᠤᠪᠤᠷᠠᠯ ᠤᠨ ᠰᠢᠨ᠎ᠡ ᠡᠭᠦᠳᠦᠯᠲᠡ ᠶᠢᠨ | ᠵᠢᠱᠢᠶ᠎ᠡ ᠦᠵᠡᠭᠦᠯᠬᠦ ᠲᠣᠭᠤᠷᠢᠭ ᠪᠠ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ | ᠲᠡᠳᠡᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠶᠡᠷᠦᠩᠬᠡᠶᠢᠯᠡᠭᠰᠡᠨ ᠪᠣᠳᠠᠲᠤ | ᠬᠦᠴᠦᠨ ᠢ ᠨᠢ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠠ ᠣᠷᠣᠨ | ᠪᠠᠶᠢᠷᠢ ᠶᠢᠨ ᠳᠠᠪᠠᠭᠤᠯᠢᠭ ᠲᠤ ᠪᠠᠨ ᠰᠠᠭᠤᠷᠢᠯᠠᠭᠰᠠᠨ ᠵᠢᠱᠢᠶ᠎ᠡ ᠦᠵᠡᠭᠦᠯᠬᠦ ᠭᠤᠷᠪᠠᠨ ᠲᠣᠭᠤᠷᠢᠭ ᠢ ᠪᠡᠯᠡ ᠮᠥᠩᠭᠦ ᠪᠠᠷ | ᠭᠤᠣᠯᠳᠠᠯᠭ᠎ᠠ ᠲᠠᠢ ᠳᠡᠮᠵᠢᠵᠦ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠠᠶᠢᠨ ᠰᠠᠶᠢᠬᠠᠨ ᠠᠮᠢ ᠠᠬᠤᠢ ᠶᠢ ᠪᠣᠶ | ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠶᠢ ᠲᠦᠷᠭᠡᠳᠬᠡᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠯᠦᠭᠡᠲᠡᠢ ᠬᠠᠮᠲᠤᠷᠠᠯᠴᠠᠬᠤ ᠶᠢ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ ᠪᠠᠶᠢᠭ᠎ᠠ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ | ᠣᠨᠴᠠᠯᠢᠭ ᠲᠠᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ | ᠬᠤᠲᠠ ᠶᠢᠨ ᠲᠠᠰᠤᠷᠠᠯᠲᠠ ᠦᠭᠡᠢ ᠴᠢᠷᠮᠠᠶᠢᠭᠰᠠᠨ ᠢᠶᠠᠷ᠂ 2022 ᠣᠨ ᠤ 4 ᠳ᠋ᠦ᠋ᠭᠡᠷ ᠰᠠᠷ᠎ᠠ ᠳᠤ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠨ ᠥᠪᠥᠷ ᠮᠣᠩᠭᠤᠯ ᠤᠨ ᠪᠠᠶᠠᠨᠨᠠᠭᠤᠷ ᠲᠠᠬᠢ | ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ | ᠪᠣᠯᠭᠠᠨ ᠪᠦᠲᠦᠭᠡᠨ ᠪᠠᠶᠢᠭᠤᠯᠬᠤ ᠶᠢ ᠴᠣᠬᠤᠯᠠᠪᠤᠷᠢᠯᠠᠨ ᠵᠥᠪᠰᠢᠶᠡᠷᠡᠵᠦ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠡᠪᠴᠢᠶᠡᠨ ᠳᠤ ᠣᠷᠣᠭᠤᠯᠵᠤ | ᠬᠠᠮᠢᠶᠠᠷᠬᠤ ᠶᠢᠨ ᠬᠠᠮᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠦᠷᠲᠡᠭᠡᠬᠦ ᠪᠣᠯᠭᠠᠪᠠ︔ 2022 ᠣᠨ ᠤ 7 | ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠳᠣᠰ ᠬᠤᠲᠠ ᠶᠢᠨ ᠴᠥᠯᠵᠢᠬᠦ ᠶᠢ ᠰᠡᠷᠭᠡᠶᠢᠯᠡᠨ | ᠵᠠᠰᠠᠬᠤ ᠪᠠ ᠪᠣᠬᠢᠷᠳᠤᠯ ᠦᠭᠡᠢ ᠬᠥᠭᠵᠢᠯᠲᠡ ᠪᠠᠷ ᠭᠤᠣᠯ ᠰᠡᠳᠦᠪ ᠪᠣᠯᠭᠠᠭᠰᠠᠨ ᠤᠯᠤᠰ ᠤᠨ ᠦᠷᠭᠦᠯᠵᠢᠯᠡᠬᠦᠶᠢᠴᠡ | ᠬᠥᠭᠵᠢᠯᠲᠡ ᠶᠢᠨ ᠵᠥᠪᠯᠡᠬᠦ ᠴᠤᠪᠤᠷᠠᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ | ᠪᠦᠲᠦᠭᠡᠨ ᠪᠠᠶᠢᠭᠤᠯᠬᠤ ᠶᠢ ᠴᠣᠬᠤᠯᠠᠪᠤᠷᠢᠯᠠᠨ ᠵᠥᠪᠰᠢᠶᠡᠷᠡᠪᠡ︔ ᠬᠥᠬᠡᠬᠤᠲᠠ ᠪᠤᠭᠤᠲᠤ ᠣᠷᠳᠣᠰ ᠲᠠᠬᠢ ᠤᠯᠤᠰ ᠤᠨ | ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ | ᠠᠵᠢᠯ ᠢᠶᠠᠨ 2024 ᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠣᠨ ᠤ ᠠᠵᠢᠯ ᠤᠨ | ᠲᠣᠬᠢᠷᠠᠭᠤᠯᠤᠯᠲᠠ ᠳᠤ ᠣᠷᠣᠭᠤᠯᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ ᠪᠣᠢ᠃ | ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠵᠢᠱᠢᠶ᠎ᠡ ᠦᠵᠡᠭᠦᠯᠬᠦ ᠭᠤᠷᠪᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠪᠡᠯᠡ | ᠮᠥᠩᠭᠦ ᠶᠢᠨ ᠳᠡᠮᠵᠢᠯᠭᠡ ᠶᠢ ᠦᠷᠭᠦᠯᠵᠢᠯᠡᠨ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ | ᠰᠢᠨ᠎ᠡ ᠡᠭᠦᠳᠦᠯᠲᠡ ᠶᠢᠨ ᠴᠢᠬᠤᠯᠠ ᠡᠬᠢ ᠰᠤᠷᠪᠤᠯᠵᠢ ᠪᠠ ᠠᠩᠬᠠᠨ ᠤ ᠰᠢᠨ᠎ᠡ ᠡᠭᠦᠳᠦᠯᠲᠡ ᠶᠢᠨ ᠭᠤᠣᠯ ᠪᠣᠯᠬᠤ | ᠭᠤᠯᠣᠮᠲᠠ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠳ᠋ ᠤᠨ ᠵᠠᠰᠠᠭ ᠤᠨ ᠬᠦᠴᠦᠨ ᠢᠶᠠᠨ ᠨᠡᠮᠡᠷᠢᠯᠡᠬᠦ ᠪᠣᠯᠣᠨ᠎ᠠ᠃ |