8 ᠳ᠋ᠤᠭᠠᠷ ᠰᠠᠷ᠎ᠠ ᠶᠢᠨ 13 ᠤ ᠦᠳᠡ ᠶᠢᠨ ᠡᠮᠦᠨ᠎ᠡ᠂ ᠬᠥᠬᠡᠬᠤᠲᠠ ᠳᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠱᠠᠨᠳᠦ᠋ᠩ ᠮᠤᠵᠢ ᠯᠤᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠱᠠᠨᠳᠦ᠋ᠩ ᠮᠤᠵᠢ ᠶᠢᠨ ᠳᠡᠳ᠋ ᠳᠠᠷᠤᠭ᠎ᠠ | ᠵᠧᠦ ᠯᠢ ᠸᠧᠢ ᠲᠣᠰ ᠵᠥᠪᠯᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠱᠠᠨᠳᠦ᠋ᠩ ᠮᠤᠵᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ | ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠶᠣᠰᠣᠭᠠᠷ᠂ ᠬᠤᠶᠠᠷ ᠲᠠᠯ᠎ᠠ ᠪᠠᠷ ᠢᠶᠠᠨ | ᠡᠨᠧᠷᠭᠢ᠂ ᠴᠠᠬᠢᠯᠭᠠᠨ ᠬᠦᠴᠦᠨ ᠤ ᠵᠠᠮ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠂ ᠬᠢᠯᠢ ᠶᠢᠨ ᠪᠣᠭᠤᠮᠲᠠ ᠶᠢᠨ | ᠠᠷᠠᠯᠵᠢᠶ᠎ᠠ᠂ ᠤᠰᠤᠨ ᠠᠰᠢᠭᠯᠠᠯᠲᠠ᠂ ᠤᠳᠤ ᠦᠶ᠎ᠡ ᠶᠢᠨ ᠲᠠᠷᠢᠶᠠᠯᠠᠩ᠂ ᠡᠬᠢ ᠪᠠᠶᠠᠯᠢᠭ ᠤᠨ ᠨᠡᠭᠡᠭᠡᠨ ᠬᠥᠭᠵᠢᠯᠲᠡ ᠪᠠ | ᠠᠮᠢ ᠠᠬᠤᠢ ᠶᠢᠨ ᠬᠠᠮᠠᠭᠠᠯᠠᠯᠲᠠ᠂ ᠬᠦᠴᠦᠨ ᠵᠦᠢᠯ ᠤᠨ ᠵᠠᠬ᠎ᠠ ᠳᠡᠯᠭᠡᠭᠦᠷ ᠤᠨ ᠬᠠᠮᠵᠢᠯᠴᠠᠭ᠎ᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ 10 ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ | ᠭᠠᠵᠠᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠢᠶᠠᠨ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠳᠤ ᠪᠠᠨ ᠠᠰᠢᠭ | ᠬᠦᠷᠲᠡᠬᠦ ᠶᠢ ᠪᠡᠶᠡᠯᠡᠭᠦᠯᠦᠨ᠎ᠡ ᠭᠡᠵᠡᠢ᠃ | ᠵᠥᠪᠯᠡᠯᠴᠡᠭᠡᠷ ᠲᠣᠬᠢᠷᠠᠯᠴᠠᠬᠤ ᠠᠴᠠ ᠡᠮᠦᠨ᠎ᠡ᠂ ᠬᠤᠶᠠᠷ ᠲᠠᠯ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ | ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ |