ᠤᠯᠠᠭᠠᠢ ᠬᠠᠮᠢᠶᠠᠷᠤᠯᠲᠠ ᠶᠢᠨ ᠣᠷᠣᠨ 8 ᠳ᠋ᠤᠭᠠᠷ ᠰᠠᠷ᠎ᠠ ᠶᠢᠨ ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠯᠲᠡ ᠶᠢᠨ ᠠᠵᠢᠯ ᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2024/8/15

    8 ᠰᠠᠷ᠎ᠠ ᠶᠢᠨ 14 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠣᠶ ᠰᠢᠭᠤᠢ ᠪᠠ ᠨᠤᠲᠤᠭ

ᠪᠡᠯᠴᠢᠭᠡᠷ ᠤᠨ ᠠᠵᠢᠯ ᠤᠨ ᠥᠷᠲᠡᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠬᠠᠮᠢᠶᠠᠷᠤᠯᠲᠠ ᠶᠢᠨ ᠣᠷᠣᠨ ᠤ

ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠬᠦ ᠴᠡᠭ ᠲᠤ ᠪᠠᠶᠢᠩᠭᠤ ᠶᠢᠨ ᠬᠢᠨᠠᠨ ᠬᠡᠮᠵᠢᠬᠦ ᠠᠵᠢᠯ ᠥᠷᠨᠢᠭᠦᠯᠪᠡ᠃

    ᠬᠠᠮᠢᠶᠠᠷᠤᠯᠲᠠ ᠶᠢᠨ ᠣᠷᠣᠨ ᠳᠤ ᠣᠳᠣ ᠲᠣᠭᠲᠠᠮᠠᠯ ᠬᠢᠨᠠᠨ ᠬᠡᠮᠵᠢᠬᠦ  ᠴᠡᠭ  2 ᠪᠠᠶᠢᠵᠤ᠂ ᠮᠡᠷᠭᠡᠵᠢᠯᠲᠡᠨ

ᠨᠤᠲᠤᠭ ᠪᠡᠯᠴᠢᠭᠡᠷ ᠢ ᠬᠢᠨᠠᠨ ᠬᠡᠮᠵᠢᠬᠦ ᠮᠡᠷᠭᠡᠵᠢᠯ ᠤᠨ ᠳᠦᠷᠢᠮ ᠲᠣᠭᠲᠠᠭᠠᠯ ᠶᠣᠰᠣᠭᠠᠷ ᠬᠢᠨᠠᠨ ᠬᠡᠮᠵᠢᠬᠦ ᠦᠯᠢᠬᠡᠷ

ᠭᠠᠵᠠᠷ ᠭᠠᠷᠭᠠᠵᠤ᠂ ᠦᠯᠢᠬᠡᠷ ᠳᠦᠷᠰᠦ  ᠶᠢᠨ ᠭᠠᠵᠠᠷ ᠤᠨ ᠦᠵᠡᠮᠵᠢ ᠵᠢᠴᠢ ᠦᠯᠢᠬᠡᠷ ᠳᠥᠷᠪᠡᠯᠵᠢᠨ ᠠᠴᠠ ᠳᠣᠷᠣᠭᠰᠢ

ᠰᠡᠭᠦᠳᠡᠷᠯᠡᠬᠦ ᠶᠢᠨ ᠬᠠᠮᠲᠤ ᠡᠪᠡᠰᠦᠨ ᠤ ᠤᠷᠭᠤᠯᠲᠠ ᠶᠢᠨ ᠥᠨᠳᠥᠷ᠂ ᠪᠦᠷᠬᠦᠴᠡ᠂ ᠭᠠᠷᠤᠯᠲᠠ᠂ ᠪᠣᠳᠠᠰ ᠤᠨ ᠲᠤᠭ᠎ᠠ

ᠬᠡᠮᠵᠢᠶ᠎ᠡ ᠵᠡᠷᠭᠡ ᠶᠢ ᠨᠠᠷᠢᠨ ᠲᠡᠮᠳᠡᠭᠯᠡᠵᠡᠢ᠃ ᠵᠠᠯᠭᠠᠭᠠᠳ ᠠᠵᠢᠯᠲᠠᠳ ᠲᠤᠭ᠎ᠠ ᠪᠠᠷᠢᠮᠲᠠ ᠶᠢ ᠡᠮᠬᠢᠯᠡᠬᠦ᠂ ᠲᠤᠭ᠎ᠠ

ᠪᠠᠷᠢᠮᠲᠠ ᠶᠢ ᠳᠡᠭᠡᠭᠰᠢ ᠳᠠᠮᠵᠢᠭᠤᠯᠬᠤ ᠵᠡᠷᠭᠡ ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠯᠲᠡ ᠶᠢᠨ

ᠳᠣᠲᠣᠭᠠᠳᠤ ᠶᠢᠨ ᠠᠵᠢᠯ ᠢ ᠢᠳᠡᠪᠬᠢᠲᠡᠢ ᠪᠡᠶᠡᠯᠡᠭᠦᠯᠦᠨ᠎ᠡ᠃

    ᠨᠤᠲᠤᠭ ᠪᠡᠯᠴᠢᠭᠡᠷ ᠤᠨ ᠲᠣᠭᠲᠠᠮᠠᠯ ᠬᠢᠨᠠᠨ ᠬᠡᠮᠵᠢᠬᠦ ᠴᠡᠭ ᠤᠨ ᠳᠣᠲᠣᠷᠠᠬᠢ ᠤᠷᠭᠤᠮᠠᠯ ᠤᠨ ᠬᠦᠢ ᠶᠢᠨ

ᠣᠨᠴᠠᠯᠢᠭ ᠵᠢᠴᠢ ᠦᠢᠯᠡᠳᠪᠦᠷᠢᠯᠡᠯ ᠤᠨ ᠬᠦᠴᠦᠨ ᠵᠡᠷᠭᠡ ᠠᠭᠤᠯᠭ᠎ᠠ ᠳᠤ ᠪᠠᠶᠢᠴᠠᠭᠠᠯᠲᠠ ᠬᠢᠬᠦ ᠪᠠᠷ ᠳᠠᠮᠵᠢᠭᠤᠯᠤᠨ

ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠠᠮᠢᠶᠠᠷᠤᠯᠲᠠ ᠶᠢᠨ

ᠣᠷᠣᠨ ᠤ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠨᠤᠲᠤᠭ ᠪᠡᠯᠴᠢᠭᠡᠷ ᠤᠨ ᠠᠮᠢ

ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠲᠤᠭ᠎ᠠ ᠪᠠᠷᠢᠮᠲᠠ ᠶᠢᠨ ᠰᠠᠭᠤᠷᠢ ᠬᠠᠩᠭᠠᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号