8 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠯᠠᠭᠠᠢ ᠬᠠᠮᠢᠶᠠᠷᠤᠯᠲᠠ ᠶᠢᠨ ᠣᠷᠣᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠢ ᠠᠩᠭᠢ ᠶᠢᠨ ᠠᠯᠪᠠᠨ | ᠭᠡᠷ ᠤᠨ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠡᠯ᠎ᠡ ᠲᠤᠰᠬᠠᠢ | ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠤᠯᠠᠭᠠᠢ | ᠬᠠᠮᠢᠶᠠᠷᠤᠯᠲᠠ ᠶᠢᠨ ᠣᠷᠣᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ 48 ᠵᠦᠢᠯ ᠤᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠬᠤᠷᠠᠯ᠂ ᠲᠣᠬᠢᠷᠠᠭᠤᠯᠤᠨ ᠰᠢᠮᠳᠠᠭᠤᠯᠤᠨ | ᠪᠠᠶᠢᠴᠠᠭᠠᠬᠤ ᠵᠡᠷᠭᠡ ᠣᠯᠠᠨ ᠵᠦᠢᠯ ᠤᠨ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠳᠥᠷᠪᠡᠨ ᠶᠡᠭᠡ | ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ | ᠂ ︽ᠬᠠᠮᠢᠶᠠᠷᠤᠯᠲᠠ ᠶᠢᠨ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ | ᠪᠣᠯᠪᠠᠰᠤᠷᠠᠭᠤᠯᠤᠯ ᠤᠨ ᠠᠵᠢᠯ ᠤᠨ ᠲᠥᠰᠥᠯ︾ ᠪᠣᠯᠣᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠰᠠᠭᠠᠳ ᠦᠭᠡᠢ ᠨᠡᠪᠲᠡᠷᠡᠭᠦᠯᠬᠦ ᠲᠤᠬᠠᠢ | ᠠᠯᠪᠠᠨ ᠵᠠᠷ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠶᠢ ᠴᠢᠩᠭᠠᠳᠬᠠᠪᠠ᠃ ᠠᠯᠪᠠᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ 191 ᠬᠤᠪᠢ | ᠪᠠᠶᠢᠭᠤᠯᠵᠤ᠂ ᠠᠵᠢᠯ ᠦᠢᠯᠡᠰ ᠤᠨ ᠬᠥᠮᠥᠰ ᠤᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ 585 ᠬᠤᠪᠢ | ᠪᠠᠶᠢᠭᠤᠯᠵᠤ᠂ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ ᠨᠢ 100% ᠪᠠᠶᠢᠬᠤ ᠶᠢᠨ ᠬᠠᠮᠲᠤ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠵᠢᠴᠢ ︽2024 ᠣᠨ ᠤ ᠺᠠᠳ᠋ᠷ ᠤᠨ ᠬᠥᠮᠦᠵᠢᠯ | ᠪᠣᠯᠪᠠᠰᠤᠷᠠᠭᠤᠯᠤᠯ ᠤᠨ ᠲᠥᠯᠥᠪᠯᠡᠭᠡ︾ ᠳᠤ ᠣᠷᠣᠭᠤᠯᠪᠠ᠃ ︽ᠤᠯᠠᠭᠠᠢ ᠬᠠᠮᠢᠶᠠᠷᠤᠯᠲᠠ ᠶᠢᠨ ᠣᠷᠣᠨ ᠤ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠡᠯ᠎ᠡ ᠬᠦᠷᠢᠶᠡᠨ ᠤ ᠲᠣᠪᠣᠶᠢᠮ᠎ᠠ ᠠᠰᠠᠭᠤᠳᠠᠯ ᠢ | ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠ ᠰᠠᠶᠢᠵᠢᠷᠠᠭᠤᠯᠬᠤ ᠶᠢ ᠳᠠᠭᠠᠯᠳᠤᠨ᠂ ᠮᠠᠨ ᠤ ᠣᠷᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 1 - 7 ᠰᠠᠷ᠎ᠠ ᠳᠤ | 9 ᠲᠥᠷᠥᠯ ᠵᠦᠢᠯ ᠤᠨ ᠤᠷᠤᠭᠰᠢᠲᠠᠢ ᠭᠡᠷ᠎ᠡ ᠲᠣᠭᠲᠠᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠡᠯᠡ ᠮᠥᠩᠭᠦ 12.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 10.9% ᠪᠠᠷ ᠨᠡᠮᠡᠭᠳᠡᠪᠡ᠃ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ 17 | ᠭᠤᠣᠯᠳᠠᠯᠭ᠎ᠠ ᠲᠠᠢ ᠠᠵᠢᠯ ᠲᠥᠷᠥᠯ ᠳᠤ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠲᠠᠩᠰᠠ | ᠡᠪᠬᠡᠮᠡᠯ ᠢ 741 ᠬᠤᠪᠢ ᠪᠠᠶᠢᠭᠤᠯᠵᠤ᠂ 10 ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠲᠠᠰ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠠᠬᠢᠭᠤᠯᠵᠤ᠂ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠬᠢᠭᠡᠳ | ︽ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ︽ᠬᠤᠶᠠᠷ ᠪᠢᠴᠢᠭ ᠢ ᠵᠡᠷᠭᠡ ᠪᠠᠷ ᠬᠦᠷᠭᠡᠬᠦ︾ ᠠᠵᠢᠯ ᠤᠨ | ᠲᠣᠭᠲᠠᠴᠠ ᠶᠢ ᠰᠠᠶᠢᠲᠤᠷ ᠬᠢᠵᠦ᠂ ᠣᠲᠣ ᠪᠣᠯᠲᠠᠯ᠎ᠠ 115 ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠡᠪ ᠤᠨ | ᠪᠤᠰᠤ ᠡᠵᠡᠩᠨᠡᠯᠲᠡ ᠬᠢᠵᠦ᠂ 3 ᠠᠵᠤ ᠠᠬᠤᠶᠢᠯᠠᠯ ᠳᠤ ︽ᠬᠤᠶᠠᠷ ᠪᠢᠴᠢᠭ ᠢ ᠵᠡᠷᠭᠡ ᠪᠠᠷ ᠬᠦᠷᠭᠡᠬᠦ︾ ᠠᠵᠢᠯ | ᠥᠷᠨᠢᠭᠦᠯᠦᠭᠰᠡᠨ ᠪᠥᠭᠡᠳ 1 ᠠᠵᠤ ᠠᠬᠤᠶᠢᠯᠠᠯ ᠳᠤ ᠢᠲᠡᠭᠡᠮᠵᠢ ᠶᠢᠨ ᠰᠡᠷᠭᠦᠭᠡᠯᠲᠡ ᠬᠢᠪᠡ᠃ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠲᠠᠪᠴᠠᠩ ᠢ ᠤᠬᠠᠭᠤᠯᠬᠤ ᠪᠠᠷ ᠳᠠᠮᠵᠢᠭᠤᠯᠤᠨ᠂ ᠪᠡᠯᠡ ᠲᠣᠬᠢᠷᠠᠭᠤᠯᠬᠤ | ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠢ ᠥᠷᠭᠡᠨ ᠢᠶᠠᠷ ᠳᠠᠶᠢᠴᠢᠯᠠᠨ ︽ᠢᠲᠡᠭᠡᠮᠵᠢᠲᠦ ᠵᠢᠭᠡᠯᠡᠯᠭᠡ︾ ᠶᠢᠨ | ᠲᠠᠪᠴᠠᠩ ᠳᠤ ᠳᠠᠩᠰᠠᠯᠠᠭᠤᠯᠤᠨ᠎ᠠ᠃ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ | ᠡᠳᠦᠷ᠂ ︽4 · 26︾ ᠤ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠵᠡᠷᠭᠡ ᠴᠠᠭ | ᠬᠤᠭᠤᠴᠠᠭ᠎ᠠ ᠲᠠᠢ ᠤᠶᠠᠯᠳᠤᠭᠤᠯᠤᠨ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠡᠵᠡᠩᠨᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠢᠲᠡᠭᠡᠯ ᠠᠯᠳᠠᠭᠰᠠᠨ ᠭᠤᠣᠯ | ᠴᠣᠭᠴᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠪᠣᠯᠭᠠᠵᠤ᠂ ᠰᠢᠭᠦᠬᠦ ᠬᠤᠷᠢᠶ᠎ᠠ ᠠᠴᠠ | ᠢᠲᠡᠭᠡᠯ ᠠᠯᠳᠠᠭᠰᠠᠨ 20 ᠭᠦᠢᠴᠡᠳᠬᠡᠭᠳᠡᠭᠴᠢ ᠶᠢ ᠢᠯᠡ ᠪᠠᠷ ᠨᠡᠶᠢᠲᠡᠯᠡᠪᠡ᠃ ᠡᠭᠦᠨ ᠤ ᠵᠡᠷᠭᠡ ᠪᠠᠷ ᠰᠢᠭᠦᠬᠦ ᠬᠤᠷᠢᠶ᠎ᠠ | ᠰᠢᠭᠦᠨ ᠲᠠᠰᠤᠯᠤᠯᠲᠠ ᠶᠢᠨ ᠪᠢᠴᠢᠭ ᠪᠠ ᠡᠶᠡᠳᠡᠭᠦᠯᠭᠡ ᠶᠢᠨ ᠪᠢᠴᠢᠭ ᠤᠨ ᠠᠷᠤ ᠳᠤ ᠠᠶᠠᠨᠳᠠᠭᠠᠨ ᠮᠡᠳᠡᠭᠳᠡᠬᠦ ᠪᠢᠴᠢᠭ | ᠳᠠᠭᠠᠯᠳᠤᠭᠤᠯᠤᠭᠰᠠᠨ ᠪᠠᠶᠢᠨ᠎ᠠ᠃ ᠦᠨᠡᠨᠴᠢ ᠢᠲᠡᠭᠡᠮᠵᠢᠲᠡᠢ ᠬᠠᠤᠯᠢ ᠪᠠᠷ ᠵᠠᠰᠠᠬᠤ ᠨᠢᠭᠡᠳᠦᠭᠡᠷ ᠵᠡᠭᠡᠯᠢ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠭᠤᠳᠠᠮ ᠲᠠᠯᠠᠪᠠᠢ ᠵᠡᠷᠭᠡ ᠣᠯᠠᠨ ᠨᠡᠶᠢᠲᠡ ᠶᠢᠨ ᠲᠠᠯᠠᠪᠤᠷ ᠪᠠ ᠡᠯ᠎ᠡ ᠱᠠᠲᠤᠨ ᠤ | ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ ᠦᠨᠡᠨᠴᠢ ᠢᠲᠡᠭᠡᠮᠵᠢ ᠶᠢᠨ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡᠨ ᠤ ᠦᠵᠡᠭᠦᠯᠭᠡ ᠶᠢᠨ ᠰᠠᠮᠪᠠᠷ᠎ᠠ 6᠂ ᠦᠨᠡᠨᠴᠢ ᠢᠲᠡᠭᠡᠮᠵᠢ ᠶᠢᠨ ᠤᠷᠢᠶ᠎ᠠ 31 ᠬᠡᠰᠡᠭ᠂ | ᠵᠠᠷᠯᠠᠯ 200 ᠭᠠᠷᠤᠢ ᠬᠠᠭᠤᠳᠠᠰᠤ ᠨᠠᠭᠠᠪᠠ᠃ ︽ᠤᠯᠠᠭᠠᠢ ᠰᠦᠯᠵᠢᠶᠡᠨ ᠤ ᠮᠡᠳᠡᠭᠡ ᠵᠠᠩᠭᠢ︾ ᠸᠢᠴᠠᠲ ᠤᠨ | ᠨᠡᠶᠢᠲᠡ ᠶᠢᠨ ᠳ᠋ᠤᠭᠠᠷ ᠲᠤ ︽ᠡᠳᠦᠷ ᠪᠦᠷᠢ ᠴᠤᠤᠷᠬᠠᠯ ᠢ ᠨᠢᠴᠤᠭᠠᠬᠤ︾ ᠲᠤᠰᠬᠠᠢ ᠪᠤᠯᠤᠩ ᠭᠠᠷᠭᠠᠵᠤ᠂ ᠰᠦᠯᠵᠢᠶᠡᠨ ᠤ | ᠴᠤᠤᠷᠬᠠᠯ ᠵᠡᠷᠭᠡ ᠰᠦᠯᠵᠢᠶᠡᠨ ᠤ ᠦᠨᠡᠨᠴᠢ ᠢᠲᠡᠭᠡᠮᠵᠢ ᠶᠢ ᠬᠤᠬᠢᠷᠠᠭᠤᠯᠤᠭᠰᠠᠨ ᠠᠵᠢᠯᠯᠠᠭ᠎ᠠ ᠳᠤ ᠴᠣᠬᠢᠯᠲᠠ ᠥᠭᠪᠡ᠃ | ᠦᠨᠡᠨᠴᠢ ᠢᠲᠡᠭᠡᠮᠵᠢ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ ᠦᠨᠡᠨᠴᠢ | ᠢᠲᠡᠭᠡᠮᠵᠢ ᠶᠢᠨ ᠲᠥᠷᠥᠯ ᠤᠨ ︽ᠰᠢᠯᠢ ᠶᠢᠨ ᠭᠤᠣᠯ ᠰᠠᠶᠢᠨ ᠬᠥᠮᠥᠨ︾ ᠤ ᠵᠢᠱᠢᠭᠳᠡᠭᠴᠢ 3 ᠬᠥᠮᠥᠨ ᠢ ᠮᠡᠳᠡᠭᠦᠯᠦᠨ | ᠬᠦᠷᠭᠡᠨ᠎ᠡ᠃ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠡᠯ᠎ᠡ ᠤᠯᠤᠰ ᠲᠥᠷᠥ | ᠬᠠᠤᠯᠢ ᠴᠠᠭᠠᠵᠠ ᠶᠢᠨ ᠨᠢᠭᠡᠴᠢ ᠨᠦᠭᠦᠳ ︽ᠨᠡᠭᠡᠭᠡᠯᠲᠡᠲᠤ ᠡᠳᠦᠷ︾ ︽ᠭᠥᠯᠢᠶᠡᠨ ᠠᠪᠬᠤ ᠡᠳᠦᠷ︾ ᠢ 6 ᠲᠠᠯᠠᠪᠤᠷ | ᠥᠷᠨᠢᠭᠦᠯᠵᠦ᠂ ︽ᠬᠠᠤᠯᠢ ᠴᠠᠭᠠᠵᠠ ᠶᠢ ᠵᠢᠷᠭᠤᠭ᠎ᠠ ᠶᠢ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ 248 | ᠲᠠᠯᠠᠪᠤᠷ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ 8500 ᠭᠠᠷᠤᠢ ᠬᠤᠪᠢ ᠲᠠᠷᠬᠠᠭᠠᠬᠤ ᠶᠢᠨ ᠬᠠᠮᠲᠤ ᠠᠵᠤ | ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠰᠠᠭᠠᠳ ᠦᠭᠡᠢ ᠨᠡᠪᠲᠡᠷᠡᠬᠦ ᠵᠠᠮ ᠪᠠ ᠦᠢᠯᠡᠴᠢᠯᠡᠭᠡᠨ ᠤ ᠴᠣᠩᠬᠤ ᠶᠢ | ᠴᠥᠮ ᠨᠡᠭᠡᠭᠡᠵᠦ᠂ ᠨᠠᠩ ᠲᠦᠷᠭᠡᠨ᠂ ᠨᠠᠩ ᠥᠨᠳᠥᠷ ᠪᠦᠲᠦᠮᠵᠢᠲᠡᠶ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ | ᠬᠠᠩᠭᠠᠪᠠ︔ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠤ ᠠᠬᠤᠢ ᠶᠢᠨ ᠶᠠᠯᠠᠲᠤ ᠬᠡᠷᠡᠭ ᠤᠨ ᠬᠡᠷᠡᠭ | ᠮᠡᠳᠡᠭᠦᠯᠦᠯᠲᠡ ᠶᠢ ᠭᠥᠯᠢᠶᠡᠨ ᠠᠪᠬᠤ ᠲᠥᠪ ᠪᠠᠶᠢᠭᠤᠯᠵᠤ᠂ ᠠᠵᠤ ᠠᠬᠤᠢ ᠶᠢᠨ ᠶᠠᠯᠠᠲᠤ ᠬᠡᠷᠡᠭ ᠢ ᠬᠠᠤᠯᠢ ᠶᠣᠰᠣᠭᠠᠷ | ᠭᠥᠯᠢᠶᠡᠨ ᠠᠪᠴᠤ ᠰᠢᠢᠳᠪᠦᠷᠢᠯᠡᠪᠡ︔ ᠪᠠᠶᠢᠴᠠᠭᠠᠬᠤ ᠬᠤᠷᠢᠶ᠎ᠠ ᠠᠵᠤ ᠠᠬᠤᠶᠢᠯᠠᠯ ᠳᠤ ᠬᠤᠯᠪᠣᠭᠳᠠᠭᠰᠠᠨ 12 | ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠤᠴᠢᠷ ᠶᠠᠪᠤᠳᠠᠯ ᠢ | ᠤᠷᠢᠳᠠᠪᠠᠷ ᠰᠢᠢᠳᠪᠦᠷᠢᠯᠡᠵᠦ᠂ ᠠᠵᠤ ᠠᠬᠤᠶᠢᠯᠠᠯ ᠤᠨ ᠡᠷᠬᠡ ᠠᠰᠢᠭ ᠢ ᠭᠦᠢᠴᠡᠳ ᠪᠠᠲᠤᠯᠠᠵᠠᠢ︔ ᠬᠠᠤᠯᠢ ᠴᠠᠭᠠᠵᠠ ᠶᠢᠨ | ᠲᠣᠪᠴᠢᠶ᠎ᠠ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ ᠢ ᠬᠠᠮᠲᠤᠷᠠᠨ ᠰᠢᠭᠦᠨ ᠰᠢᠢᠳᠪᠦᠷᠢᠯᠡᠬᠦ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ 3353148 ᠦᠢᠯᠡᠴᠢᠯᠡᠭᠡᠨ ᠤ ᠬᠠᠯᠠᠮᠰᠢᠯ ᠤᠲᠠᠰᠤ ᠶᠢ ᠠᠰᠢᠭᠯᠠᠨ᠂ | ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠪᠠ᠃ ᠬᠠᠤᠯᠢ ᠬᠡᠷᠡᠭᠵᠢᠭᠦᠯᠬᠦ ᠬᠠᠤᠯᠢ | ᠴᠠᠭᠠᠵᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ | ᠬᠡᠷᠡᠭ ᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠮᠧᠩ ᠮᠠ ᠪᠧᠨ ᡂᠢ 2024︾ ᠲᠤᠰᠬᠠᠢ | ᠭᠦᠢᠴᠡᠳᠬᠡᠬᠦ ᠠᠵᠢᠯᠯᠠᠭ᠎ᠠ ᠶᠢ ᠥᠷᠨᠢᠭᠦᠯᠵᠦ᠂ ᠵᠠᠰᠠᠭ ᠤᠨ ᠣᠷᠳᠣᠨ ᠳᠤ ᠬᠤᠯᠪᠣᠭᠳᠠᠭᠰᠠᠨ᠂ ᠠᠵᠤ ᠠᠬᠤᠶᠢᠯᠠᠯ ᠳᠤ | ᠬᠤᠯᠪᠣᠭᠳᠠᠭᠰᠠᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡ ᠳᠤ ᠬᠤᠯᠪᠣᠭᠳᠠᠭᠰᠠᠨ | ᠭᠦᠢᠴᠡᠳᠬᠡᠬᠦ ᠬᠡᠷᠡᠭ ᠢ ᠲᠥᠪᠯᠡᠷᠡᠭᠦᠯᠦᠨ ᠪᠣᠭᠤᠮᠲᠠ ᠰᠢᠪᠲᠤᠯᠪᠠ᠃ | ᠲᠠᠷᠠᠭᠠᠴᠢ ᠶᠢᠨ ᠠᠯᠬᠤᠮ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠠᠴᠠ ᠦᠨᠡᠨᠴᠢ ᠢᠲᠡᠭᠡᠮᠵᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠶᠢᠨ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ | ᠭᠦᠨᠵᠡᠭᠡᠢ ᠲᠤᠤᠱᠯᠠᠭᠤᠯᠵᠤ᠂ ᠦᠷᠬᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠴᠢᠷᠮᠠᠶᠢᠵᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ | ᠢᠲᠡᠭᠡᠮᠵᠢ᠂ ᠬᠠᠤᠯᠢ ᠴᠠᠭᠠᠵᠠ ᠶᠢᠨ ᠨᠡᠶᠢᠳᠡ ᠶᠢᠨ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ | ᠰᠢᠪᠲᠤᠯᠤᠯᠲᠠ ᠲᠠᠢ ᠪᠣᠯᠭᠠᠵᠣ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠰᠠᠶᠢᠨ ᠰᠠᠶᠢᠬᠠᠨ | ᠬᠤᠳᠠᠯᠳᠤᠭ᠎ᠠ ᠡᠵᠡᠩᠨᠡᠬᠦ ᠣᠷᠴᠢᠨ ᠢ ᠪᠦᠬᠦ ᠬᠦᠴᠦᠨ ᠢᠶᠠᠷ ᠪᠣᠢ ᠪᠣᠯᠭᠠᠵᠣ᠂ ᠪᠣᠳᠠᠲᠤ ᠠᠵᠢᠯᠯᠠᠭ᠎ᠠ ᠪᠠᠷ ᠢᠶᠠᠨ | ᠵᠠᠰᠠᠭ ᠤᠨ ᠣᠷᠳᠣᠨ ᠤ ᠨᠡᠶᠢᠳᠡ ᠶᠢᠨ ᠢᠲᠡᠭᠡᠮᠵᠢ ᠶᠢ ᠢᠲᠡᠭᠡᠭᠦᠯᠬᠦ ᠬᠦᠴᠦᠨ ᠢ ᠬᠠᠮᠠᠭᠠᠯᠠᠵᠤ᠂ ᠪᠦᠬᠦ ᠨᠡᠶᠢᠭᠡᠮ ᠢ | ᠬᠥᠲᠥᠯᠥᠨ ᠳᠠᠭᠠᠭᠤᠯᠵᠤ ᠦᠨᠡᠨᠴᠢ ᠢᠲᠡᠭᠡᠮᠵᠢ ᠶᠢᠨ ᠬᠡᠪ ᠰᠤᠷᠲᠠᠯ ᠢ ᠪᠦᠷᠢᠯᠳᠦᠭᠦᠯᠦᠨ᠎ᠡ᠃ | | |