ᠣᠨᠴᠠᠭᠠᠢ ᠬᠦᠴᠢᠷᠳᠡᠯ ᠲᠠᠢ ᠬᠥᠮᠥᠰ ᠢ ᠰᠡᠳᠬᠢᠯ ᠲᠠᠯᠪᠢᠨ ᠬᠠᠯᠠᠮᠵᠢᠯᠠᠨ ᠬᠠᠶᠢᠷᠠᠯᠠᠵᠤ ᠠᠷᠠᠳ ᠤᠨ ᠠᠮᠢᠳᠤᠷᠠᠯ ᠢ ᠲᠣᠭᠲᠠᠭᠤᠨ ᠪᠥᠭᠡᠳ ᠵᠣᠯ ᠵᠢᠷᠭᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2024/8/15

    ᠰᠤᠷᠪᠤᠯᠵᠢᠯᠠᠭᠴᠢ ᠪᠠᠶᠠᠨᠬᠤᠰᠢᠭᠤ ᠪᠠᠯᠭᠠᠰᠤᠨ ᠤ ᠰᠠᠭᠤᠭᠠᠯᠢ ᠠᠷᠠᠳ ᠵᠢᠦᠢ ᠭᠤᠸᠠᠩ ᠵᠢᠶᠧ ᠶᠢᠨ ᠭᠡᠷ ᠲᠤ

ᠬᠦᠷᠬᠦ ᠳᠤ᠂ ᠲᠡᠷᠡ ᠶᠠᠭ ᠭᠡᠷ ᠲᠡᠭᠡᠨ ᠴᠡᠪᠡᠷᠯᠡᠭᠡ ᠬᠢᠵᠦ ᠪᠠᠶᠢᠪᠠ᠂2006 ᠣᠨ ᠳᠤ ᠲᠡᠷᠡ ᠵᠣᠯ ᠪᠤᠰᠤ ᠪᠠᠷ

ᠰᠢᠭᠡᠰᠦᠨ ᠤ ᠬᠤᠣᠷᠳᠠᠯ ᠳᠤ ᠨᠡᠷᠪᠡᠭᠳᠡᠵᠡᠢ᠂ ᠡᠭᠦᠨ ᠠᠴᠠ ᠬᠤᠶᠢᠰᠢ ᠬᠦᠨᠳᠦ ᠪᠡᠶ᠎ᠡ ᠶᠢᠨ ᠠᠵᠢᠯ ᠬᠢᠵᠦ ᠳᠡᠶᠢᠯᠬᠦ ᠦᠭᠡᠢ᠂

ᠭᠡᠷ ᠤᠨ ᠠᠵᠤ ᠠᠬᠤᠢ ᠶᠢᠨ ᠢᠷᠡᠯᠲᠡ ᠨᠢ ᠵᠥᠪᠬᠡᠨ ᠡᠬᠡᠨᠡᠷ ᠨᠢ ᠲᠦᠷᠢᠶᠡᠰᠦᠨ ᠮᠠᠰᠢᠨ ᠲᠡᠷᠭᠡ ᠡᠵᠡᠩᠨᠡᠬᠦ ᠪᠠᠷ

ᠭᠤᠣᠯ ᠪᠣᠯᠭᠠᠵᠤ ᠪᠠᠶᠢᠪᠠ᠃ ᠢᠩᠭᠢᠭᠰᠡᠨ ᠢᠶᠠᠷ ᠪᠠᠷᠠᠬᠤ ᠦᠭᠡᠢ ᠰᠠᠷ᠎ᠠ ᠪᠦᠷᠢ ᠲᠦᠮᠡᠨ ᠲᠥᠭᠦᠷᠢᠭ ᠤᠨ ᠡᠮᠴᠢᠯᠡᠭᠡᠨ ᠤ

ᠵᠠᠷᠤᠳᠠᠯ ᠢ  ᠲᠠᠢ ᠪᠣᠯᠵᠠᠢ᠃ ᠲᠡᠭᠦᠨ ᠤ ᠪᠠᠶᠢᠳᠠᠯ ᠢ ᠣᠶᠢᠯᠠᠭᠠᠭᠰᠠᠨ ᠤ ᠲᠠᠷᠠᠭ᠎ᠠ ᠬᠠᠮᠢᠶᠠᠷᠤᠯᠲᠠ ᠶᠢᠨ ᠣᠷᠣᠨ ᠤ

ᠨᠡᠶᠢᠭᠡᠮ ᠤᠨ ᠠᠪᠤᠷᠠᠨ ᠲᠤᠰᠠᠯᠠᠬᠤ ᠰᠠᠯᠠᠭ᠎ᠠ ᠮᠥᠴᠢᠷ ᠢᠳᠡᠪᠬᠢᠲᠡᠢ ᠬᠤᠯᠪᠣᠵᠤ᠂ ᠦᠨᠳᠦᠰᠦᠨ ᠡᠮ ᠡᠮᠨᠡᠯᠬᠡ᠂ ᠬᠦᠨᠳᠦ

ᠡᠪᠡᠳᠴᠢᠨ ᠤ ᠠᠪᠤᠷᠠᠨ ᠲᠤᠰᠠᠯᠠᠯᠲᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠠᠪᠤᠷᠠᠨ ᠲᠤᠰᠠᠯᠠᠬᠤ

ᠵᠡᠷᠭᠡ ᠠᠷᠭ᠎ᠠ ᠮᠠᠶ᠋ᠢᠭ ᠢᠶᠠᠷ ᠲᠡᠭᠦᠨ ᠳᠤ ᠬᠠᠪᠰᠤᠷᠴᠤ᠂ ᠠᠵᠤ ᠠᠬᠤᠢ ᠶᠢᠨ ᠳᠠᠷᠤᠭᠠᠰᠤ ᠶᠢ ᠵᠣᠬᠢᠬᠤ ᠬᠡᠮᠵᠢᠶ᠎ᠡ ᠪᠠᠷ

ᠬᠥᠩᠭᠡᠯᠡᠭᠰᠡᠨ ᠪᠠᠶᠢᠨ᠎ᠠ᠃

    ᠬᠦᠴᠢᠷᠳᠡᠯᠲᠡᠢ ᠬᠥᠮᠥᠰ ᠤᠨ ᠠᠮᠢᠳᠤᠷᠠᠯ ᠢ ᠰᠠᠶᠢᠲᠤᠷ ᠪᠠᠲᠤᠯᠠᠬᠤ ᠪᠣᠯ ᠠᠷᠠᠳ ᠤᠨ ᠠᠮᠢᠳᠤᠷᠠᠯ ᠤᠨ ᠠᠵᠢᠯ ᠤᠨ

ᠬᠤᠷᠢᠭ᠎ᠠ ᠱᠤᠭᠤᠮ ᠮᠥᠨ᠂ ᠪᠠᠰᠠ ᠴᠤ ᠠᠷᠠᠳ ᠤᠨ ᠶᠠᠪᠤᠳᠠᠯ ᠤᠨ ᠠᠵᠢᠯ ᠤᠨ ᠴᠢᠬᠤᠯᠠ ᠠᠭᠤᠯᠭ᠎ᠠ ᠮᠥᠨ᠃

ᠣᠶᠢᠷ᠎ᠠ ᠶᠢᠨ ᠵᠢᠯ ᠠᠴᠠ ᠬᠠᠮᠢᠶᠠᠷᠤᠯᠲᠠ ᠶᠢᠨ ᠣᠷᠣᠨ ᠤᠷᠢᠳ ᠬᠤᠵᠢᠳ ︽ᠤᠯᠠᠭᠠᠢ ᠬᠠᠮᠢᠶᠠᠷᠤᠯᠲᠠ ᠶᠢᠨ ᠣᠷᠣᠨ ᠤ

ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠣᠷᠣᠯᠭ᠎ᠠ ᠪᠠᠭᠠᠲᠠᠢ ᠭᠡᠷ ᠪᠦᠯᠢ ᠶᠢ

ᠮᠠᠭᠠᠳᠯᠠᠨ ᠲᠣᠭᠲᠠᠭᠠᠬᠤ ᠠᠷᠭ᠎ᠠ︾᠂ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ

ᠴᠢᠩᠭᠠᠳᠬᠠᠬᠤ ᠠᠷᠭ᠎ᠠ︾᠂ ︽ᠤᠯᠠᠭᠠᠢ ᠬᠠᠮᠢᠶᠠᠷᠤᠯᠲᠠ ᠶᠢᠨ ᠣᠷᠣᠨ ᠤ ᠣᠨᠴᠠᠭᠠᠢ ᠠᠪᠤᠷᠠᠨ ᠲᠤᠰᠠᠯᠠᠬᠤ ᠮᠥᠩᠭᠦ ᠶᠢᠨ

ᠳᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠲᠥᠬᠦᠷ

ᠠᠷᠭ᠎ᠠ ᠶᠢ ᠲᠣᠭᠲᠠᠭᠠᠨ ᠨᠡᠶᠢᠲᠡᠯᠡᠵᠦ᠂ ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ

ᠪᠣᠳᠣᠯᠭ᠎ᠠ ᠶᠢᠨ  ᠰᠢᠰᠲ᠋ᠧᠮ ᠢ ᠲᠠᠰᠣᠷᠠᠯᠳᠠ ᠦᠭᠡᠢ  ᠪᠦᠷᠢᠨᠰᠢᠭᠦᠯᠦᠨ  ᠬᠡᠷᠡᠭᠵᠢᠭᠦᠯᠵᠦ᠂ ᠠᠷᠠᠳ ᠣᠯᠠᠨ ᠤ

ᠦᠨᠳᠦᠰᠦᠨ ᠠᠮᠢᠳᠤᠷᠠᠯ ᠤᠨ ᠡᠷᠬᠡ ᠠᠰᠢᠭ ᠢ ᠦᠨᠡᠨ ᠬᠦ ᠬᠠᠮᠠᠭᠠᠯᠠᠪᠠ᠃ 2024 ᠣᠨ ᠤ ᠳᠡᠭᠡᠷ᠎ᠡ ᠬᠠᠭᠠᠰ ᠵᠢᠯ ᠳᠤ᠂

212 ᠡᠷᠦᠬᠡ ᠶᠢᠨ 338 ᠬᠥᠮᠥᠨ ᠳᠤ ᠨᠡᠶᠢᠲᠡ 132.66 ᠲᠦᠮᠡᠨ ᠲᠥᠭᠦᠷᠢᠭ ᠤᠨ ᠨᠠᠭᠠᠲᠤ ᠵᠠᠬ᠎ᠠ ᠶᠢᠨ

ᠪᠠᠲᠤᠯᠠᠭ᠎ᠠ ᠶᠢᠨ ᠪᠡᠯᠡ ᠮᠥᠩᠭᠦ ᠲᠠᠷᠬᠠᠭᠠᠵᠤ᠂ ᠣᠨᠴᠠ ᠬᠦᠴᠢᠷᠳᠡᠯᠲᠡᠢ ᠬᠥᠮᠥᠰ ᠲᠤ 5.76 ᠲᠦᠮᠡᠨ ᠲᠥᠭᠦᠷᠢᠭ ᠤᠨ

ᠠᠰᠠᠷᠠᠨ ᠲᠡᠵᠢᠭᠡᠬᠦ ᠪᠡᠯᠡ ᠮᠥᠩᠭᠦ ᠲᠠᠷᠬᠠᠭᠠᠵᠤ᠂ ᠬᠦᠴᠢᠷᠳᠡᠯᠲᠡᠢ ᠣᠯᠠᠨ ᠲᠦᠮᠡᠨ ᠳᠤ 3.35 ᠲᠦᠮᠡᠨ

ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠲᠠᠷᠬᠠᠭᠠᠪᠠ᠃

    ᠡᠭᠦᠨ ᠠᠴᠠ ᠭᠠᠳᠠᠨ᠎ᠠ᠂ ᠬᠦᠴᠢᠷᠳᠡᠯᠲᠡᠢ ᠣᠯᠠᠨ ᠲᠦᠮᠡᠨ ᠲᠣᠰ ᠬᠥᠮᠥᠨ ᠠᠪᠤᠷᠠᠨ ᠲᠤᠰᠠᠯᠠᠬᠤ ᠪᠠᠷ

ᠭᠤᠶᠤᠴᠢᠯᠠᠬᠤ ᠶᠢᠨ ᠬᠠᠮᠲᠤ᠂ ᠪᠠᠰᠠ ᠭᠠᠴᠠᠭ᠎ᠠ ︵ᠨᠡᠶᠢᠭᠡᠮ ᠲᠣᠭᠤᠷᠢᠭ︶ ᠤ ᠵᠥᠪᠯᠡᠯ᠂ ᠨᠡᠶᠢᠭᠡᠮ ᠲᠣᠭᠤᠷᠢᠭ ᠤᠨ

ᠰᠦᠯᠵᠢᠶᠡᠨ ᠤ ᠠᠵᠢᠯᠲᠠᠨ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ᠨᠡᠶᠢᠭᠡᠮ ᠤᠨ ᠠᠵᠢᠯᠲᠠᠨ᠂ ᠰᠠᠶᠢᠨ

ᠳᠤᠷ᠎ᠠ ᠶᠢᠨ ᠠᠵᠢᠯᠯᠠᠭᠴᠢ ᠵᠡᠷᠭᠡ ᠣᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠪᠠᠶᠢᠳᠠᠯ ᠢ ᠣᠶᠢᠯᠠᠭᠠᠬᠤ

ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠭ ᠲᠤᠬᠠᠢ ᠳᠤᠨᠢ ᠣᠯᠵᠤ ᠮᠡᠳᠡᠬᠦ᠂ ᠰᠠᠨᠠᠭᠠᠴᠢᠯᠠᠭ᠎ᠠ ᠠᠴᠠ ᠪᠠᠨ ᠠᠪᠤᠷᠠᠨ

ᠲᠤᠰᠠᠯᠠᠬᠤ ᠲᠣᠭᠲᠠᠴᠠ ᠶᠢ ᠪᠠᠶᠢᠭᠤᠯᠵᠤ᠂ ᠴᠠᠭ ᠲᠤᠬᠠᠢ ᠳᠤᠨᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂

ᠬᠥᠲᠥᠯᠥᠨ ᠵᠢᠯᠤᠭᠤᠳᠬᠤ ᠪᠠ ᠬᠢᠨᠠᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠠᠪᠤᠭᠰᠠᠨ

ᠪᠠᠶᠢᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ

ᠬᠠᠷᠭᠤᠭᠤᠯᠵᠤ᠂ ᠬᠦᠷᠭᠡᠵᠦ᠂ ᠬᠦᠴᠢᠷᠳᠡᠯᠲᠡᠢ ᠣᠯᠠᠨ ᠲᠦᠮᠡᠨ ᠤ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢ

ᠴᠠᠭ ᠲᠤᠬᠠᠢ ᠳᠤᠨᠢ ᠣᠨᠣᠪᠴᠢᠲᠠᠶ ᠡᠵᠡᠮᠰᠢᠬᠦ ᠶᠢᠨ ᠬᠠᠮᠲᠤ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ

ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠥᠮᠥᠰ ᠢ ᠵᠣᠬᠢᠴᠠᠩᠭᠤᠢ ᠪᠠᠲᠤᠯᠠᠭ᠎ᠠ ᠶᠢᠨ ᠬᠡᠪᠴᠢᠶᠡᠨ ᠳᠤ

ᠣᠷᠣᠭᠤᠯᠵᠤ᠂ ᠬᠦᠴᠢᠷᠳᠡᠯᠲᠡᠢ ᠣᠯᠠᠨ ᠲᠦᠮᠡᠨ ᠤ ︽ᠪᠠᠴᠢᠮ ᠪᠠᠶᠢᠳᠠᠯ︾ ᠢ ᠦᠨᠡᠨ ᠬᠦ ᠰᠠᠶᠢᠲᠤᠷ ᠰᠢᠢᠳᠪᠦᠷᠢᠯᠡᠬᠦ

ᠬᠡᠷᠡᠭᠲᠡᠢ᠃

    ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ

ᠬᠤᠯᠪᠣᠭᠳᠠᠨ᠎ᠠ᠃ ᠲᠠᠷᠠᠭᠠᠴᠢ ᠶᠢᠨ ᠠᠯᠬᠤᠮ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠠᠷᠠᠳ ᠲᠦᠮᠡᠨ ᠢᠶᠠᠷ ᠭᠤᠣᠯ

ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠪᠠᠲᠤ ᠪᠠᠬᠢ

ᠰᠦᠯᠵᠢᠵᠦ᠂ ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ

ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号