ᠤᠯᠠᠭᠠᠢ ᠬᠠᠮᠢᠶᠠᠷᠤᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2024/8/20

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ

ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ

ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ

ᠪᠣᠯᠣᠨ᠎ᠠ᠃ 8 ᠰᠠᠷ᠎ᠠ ᠶᠢᠨ 15 ᠤ ᠡᠳᠦᠷ᠂ ᠤᠰᠤᠨ ᠠᠰᠢᠭᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ

ᠳᠤᠭᠤᠶᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ

ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ  ᠤᠯᠠᠮᠵᠢᠯᠠᠨ  ᠰᠤᠷᠤᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ

ᠳᠠᠷᠤᠭ᠎ᠠ ᠮᠥᠷᠡᠨ ᠬᠤᠷᠠᠯ ᠢ ᠡᠷᠬᠢᠯᠡᠵᠦ᠂ ᠪᠦᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠪᠠ᠃

    ᠬᠤᠷᠠᠯ ᠳᠡᠭᠡᠷ᠎ᠡ᠂ ᠨᠠᠮ ᠤᠨ ᠭᠡᠰᠢᠭᠦᠨ ᠺᠠᠳ᠋ᠷᠴᠤᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ

ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠂

︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ  ᠲᠥᠪ  

ᠬᠤᠷᠢᠶᠠᠨ ᠤ  ᠲᠣᠭᠲᠠᠭᠠᠯ︾ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠭᠰᠠᠨ ᠪᠥᠭᠡᠳ ᠤᠰᠤᠨ ᠠᠰᠢᠭᠯᠠᠯᠲᠠ ᠶᠢᠨ

ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠭᠰᠠᠨ ᠣᠯᠣᠯᠲᠠ ᠪᠠ ᠲᠥᠷᠥᠭᠳᠡᠯ ᠢᠶᠠᠨ

ᠬᠤᠪᠢᠶᠠᠯᠴᠠᠪᠠ᠃

    ᠬᠤᠷᠠᠯ ᠠᠴᠠ᠂ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ

ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠭᠦᠨᠵᠡᠭᠡᠢ ᠰᠤᠷᠤᠯᠴᠠᠨ

ᠲᠤᠤᠱᠯᠠᠭᠤᠯᠵᠤ᠂ ᠲᠡᠭᠦᠨ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ

ᠲᠦᠷᠦ ᠶᠢᠨ ᠡᠭᠦᠷᠭᠡ ᠪᠣᠯᠭᠠᠵᠤ᠂ ᠨᠠᠷᠢᠨ ᠨᠢᠭᠲᠠ ᠰᠤᠷᠤᠯᠴᠠᠬᠤ ᠲᠥᠯᠥᠪᠯᠡᠭᠡ ᠲᠣᠭᠲᠠᠭᠠᠵᠤ᠂ ᠨᠠᠮ ᠤᠨ ᠭᠡᠰᠢᠭᠦᠨ

ᠺᠠᠳ᠋ᠷ ᠨᠢᠭᠡᠪᠦᠷᠢ ᠴᠥᠮ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ

ᠣᠶᠢᠯᠠᠭᠠᠬᠤ ᠶᠢ ᠪᠠᠲᠤᠯᠠᠬᠤ ᠬᠡᠷᠡᠭᠲᠡᠢ︔ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠣᠯᠠᠨ

ᠵᠦᠢᠯ ᠤᠨ ᠠᠷᠭ᠎ᠠ ᠵᠠᠮ ᠪᠠ ᠬᠡᠯᠪᠡᠷᠢ ᠪᠠᠷ ᠳᠠᠮᠵᠢᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠢᠶᠠᠷ

ᠤᠬᠠᠭᠤᠯᠬᠤ ᠬᠡᠷᠡᠭᠲᠡᠢ︔ ᠦᠢᠯᠡᠳᠦᠯᠭᠡ ᠶᠢᠨ ᠬᠡᠷᠡᠭᠯᠡᠯᠲᠡ ᠶᠢ ᠴᠢᠩᠭᠠᠳᠬᠠᠵᠤ᠂ ᠪᠦᠬᠦᠳᠡ ᠬᠤᠷᠠᠯ ᠤᠨ ᠵᠣᠷᠢᠭ

ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ

ᠬᠢᠬᠦ ᠲᠠᠢ ᠤᠶᠠᠯᠳᠤᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ

ᠬᠦᠴᠦ ᠲᠠᠯᠪᠢᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠤᠰᠤᠨ ᠠᠰᠢᠭᠯᠠᠯᠲᠠ ᠶᠢᠨ ᠦᠢᠯᠡᠰ ᠤᠨ

ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号