ᠭᠦᠸᠧ ᠵᠢᠶᠠᠨ ᠵᠢᠶᠦ᠋ᠨ᠄ ᠠᠷᠠᠳ ᠲᠦᠮᠡᠨ ᠤ ᠡᠷᠡᠭᠦᠯ ᠮᠡᠨᠳᠦ ᠶᠢᠨ ᠬᠠᠮᠠᠭᠠᠯᠠᠭᠴᠢ ᠪᠣᠯᠣᠨ᠎ᠠ
ᠨᠡᠶᠢᠲᠡᠯᠡᠭᠰᠡᠨ ᠴᠠᠭ᠄
2024/8/20

    ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠡᠶᠢᠮᠦ ᠨᠢᠭᠡᠨ ᠡᠮᠴᠢ ᠲᠠᠢ᠂

30 ᠭᠠᠷᠤᠢ ᠵᠢᠯ ᠤᠨ ᠲᠤᠷᠰᠢ ᠲᠡᠷᠡ ᠠᠨᠠᠭᠠᠬᠤ ᠤᠬᠠᠭᠠᠨ ᠤ ᠲᠠᠩᠭᠠᠷᠢᠭ ᠢᠶᠠᠨ ᠪᠠᠲᠤ ᠴᠡᠭᠡᠵᠢᠯᠡᠵᠦ᠂ ᠡᠮᠴᠢ ᠶᠢᠨ

ᠤᠭ ᠰᠠᠨᠠᠭ᠎ᠠ ᠪᠠᠨ  ᠦᠯᠦ ᠮᠠᠷᠲᠠᠵᠤ᠂ ᠤᠷᠲᠤ ᠬᠤᠭᠤᠴᠠᠭ᠎ᠠ ᠪᠠᠷ ᠨᠢᠭᠡᠳᠦᠭᠡᠷ ᠹᠷᠣᠨᠲ ᠲᠤ ᠣᠯᠠᠨ ᠲᠦᠮᠡᠨ ᠳᠤ  

ᠦᠢᠯᠡᠴᠢᠯᠡᠵᠦ᠂ ᠣᠯᠠᠨ ᠲᠦᠮᠡᠨ ᠳᠤ ᠳᠣᠲᠣᠨᠣ ᠦᠢᠯᠡᠴᠢᠯᠡᠭᠡ ᠬᠠᠩᠭᠠᠵᠤ᠂ ᠲᠡᠷᠡ ᠪᠣᠯ ᠳᠠᠷᠤᠢ ᠠᠷᠠᠳ ᠤᠨ

ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠡᠷᠬᠢᠯᠡᠭᠴᠢ ᠭᠦᠸᠧ ᠵᠢᠶᠠᠨ ᠵᠢᠶᠦ᠋ᠨ ᠪᠣᠯᠣᠨ᠎ᠠ᠃

   ᠤᠯᠠᠭᠠᠢ ᠬᠠᠮᠢᠶᠠᠷᠤᠯᠲᠠ ᠶᠢᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ

ᠡᠭᠦᠳᠡᠨ ᠡᠮᠨᠡᠯᠭᠡ ᠶᠢᠨ ᠲᠠᠰᠤᠭ ᠲᠤ ᠬᠦᠷᠬᠦ ᠳᠤ᠂ ᠭᠦᠸᠧ ᠵᠢᠶᠠᠨ ᠵᠢᠶᠦ᠋ᠨ ᠴᠠᠭᠠᠨ ᠬᠦᠷᠮ᠎ᠡ ᠡᠮᠦᠰᠴᠦ ᠱᠢᠷᠡᠭᠡᠨ ᠤ

ᠡᠮᠦᠨ᠎ᠡ ᠰᠠᠭᠤᠵᠤ᠂ ᠡᠪᠡᠳᠴᠢᠲᠡᠨ ᠢ ᠣᠨᠣᠱᠢᠯᠠᠨ ᠣᠨᠣᠱᠢᠯᠠᠵᠤ ᠪᠠᠶᠢᠬᠤ ᠶᠢ ᠣᠯᠵᠤ ᠬᠠᠷᠠᠨ᠎ᠠ᠃ ᠡᠨᠡ ᠵᠢᠯ ᠪᠣᠯ

ᠭᠦᠸᠧ ᠵᠢᠶᠠᠨ ᠵᠢᠶᠦ᠋ᠨ ᠡᠮᠴᠢ ᠶᠢᠨ 33 ᠳ᠋ᠤᠭᠠᠷ ᠵᠢᠯ ᠮᠥᠨ᠂ ᠪᠠᠰᠠ ᠴᠤ ᠤᠯᠠᠭᠠᠢ ᠡᠮᠨᠡᠯᠭᠡ ᠶᠢᠨ ᠬᠤᠷᠢᠶᠠᠨ ᠳᠤ

ᠠᠵᠢᠯᠯᠠᠵᠤ ᠪᠠᠶᠢᠭ᠎ᠠ 10 ᠳ᠋ᠤᠭᠠᠷ ᠵᠢᠯ ᠮᠥᠨ᠂ ᠰᠠᠯᠠᠭ᠎ᠠ ᠲᠠᠰᠤᠭ ᠤᠨ ᠡᠷᠬᠢᠯᠡᠭᠴᠢ ᠪᠣᠯᠤᠭᠰᠠᠨ ᠤ ᠬᠤᠪᠢ ᠳᠤ᠂ ᠲᠡᠷᠡ

ᠰᠠᠯᠠᠭ᠎ᠠ ᠲᠠᠰᠤᠭ ᠤᠨ ᠡᠯ᠎ᠡ ᠵᠦᠢᠯ ᠤᠨ ᠠᠵᠢᠯᠯᠠᠭᠠᠨ ᠤ ᠠᠵᠢᠯ ᠢ ᠲᠣᠬᠢᠷᠠᠭᠤᠯᠬᠤ ᠪᠠᠷ ᠪᠠᠷᠠᠬᠤ ᠦᠭᠡᠢ᠂ ᠪᠠᠰᠠ

ᠶᠡᠷᠦᠩᠬᠡᠢ ᠰᠠᠯᠠᠭᠠᠨ ᠤ ᠡᠮᠴᠢ ᠰᠤᠪᠢᠯᠠᠭᠴᠢ ᠶᠢ ᠳᠠᠭᠠᠭᠤᠯᠤᠨ ᠡᠯ᠎ᠡ ᠵᠦᠢᠯ ᠤᠨ ᠡᠮᠴᠢᠯᠡᠭᠡᠨ ᠤ ᠠᠪᠤᠷᠠᠨ ᠵᠠᠰᠠᠬᠤ

ᠡᠭᠦᠷᠭᠡ ᠶᠢ ᠪᠡᠶᠡᠯᠡᠭᠦᠯᠵᠦ᠂ ᠠᠵᠢᠯᠴᠢ ᠬᠢᠴᠢᠶᠡᠩᠭᠦᠢ᠂ ᠨᠢᠭᠲᠠ ᠠᠴᠠ ᠨᠢᠭᠲᠠ ᠡᠮᠴᠢ ᠶᠢᠨ ᠡᠮᠨᠡᠯᠭᠡ ᠶᠢᠨ ᠮᠡᠷᠭᠡᠵᠢᠯ ᠨᠢ

ᠲᠡᠭᠦᠨ ᠢ ᠤᠳᠤᠷᠢᠳᠬᠤ ᠨᠢᠳᠦᠨ ᠳᠤ ᠠᠵᠢᠯ ᠦᠢᠯᠡᠰ ᠢᠶᠠᠨ ᠳᠡᠭᠡᠳᠦᠯᠡᠬᠦ  ᠰᠠᠶᠢᠨ ᠡᠮᠴᠢ᠂ ᠬᠠᠮᠲᠤ ᠠᠵᠢᠯᠯᠠᠭᠴᠢ ᠶᠢᠨ

ᠨᠢᠳᠦᠨ ᠳᠤ ᠵᠠᠪᠠᠯ ᠣᠷᠣᠯᠴᠠᠬᠤ ︽ᠬᠠᠯᠠᠭᠤᠨ ᠰᠡᠳᠬᠢᠯᠲᠡᠨ︾ ᠪᠣᠯᠭᠠᠨ᠎ᠠ᠃

   ᠨᠢᠭᠡ ᠤᠳᠠᠭ᠎ᠠ᠂ ᠡᠮᠨᠡᠯᠭᠡ ᠶᠢᠨ ᠬᠤᠷᠢᠶ᠎ᠠ ᠨᠢ ᠨᠢᠭᠡᠨ ᠬᠤᠣᠰ ᠨᠢᠳᠦ ᠨᠢ ᠬᠠᠷᠠᠭ᠎ᠠ ᠠᠯᠳᠠᠭᠰᠠᠨ᠂ ᠭᠠᠩ ᠰᠠᠷ

ᠠᠬᠤ ᠭᠡᠮ ᠲᠠᠢ ᠱᠢᠬᠢᠷ ᠱᠢᠵᠢᠩ ᠡᠪᠡᠳᠴᠢᠨ ᠤ ᠬᠦᠴᠢᠯ ᠦᠨ ᠬᠤᠣᠷᠳ ᠠᠯ ᠲᠠᠢ ᠡᠪᠡᠳᠴᠢᠲᠡᠨ ᠢ ᠬᠦᠯᠢᠶᠡᠨ

ᠠᠪᠴᠤ ᠣᠨᠣᠱᠢᠯᠠᠨ ᠡᠮᠨᠡ ᠵᠠᠢ᠃ ᠪᠠᠶᠢᠳᠠᠯ ᠪᠠᠴᠢᠮ ᠲᠤᠯᠭᠠᠮ᠎ᠠ᠂ ᠬᠠᠮᠤᠭ ᠤᠨ ᠰᠠᠶᠢᠨ ᠡᠮᠨᠡᠨ ᠵᠠᠰᠠᠬᠤ ᠲᠥᠰᠥᠯ ᠢ

ᠲᠣᠭᠲᠠᠭᠠᠬᠤ ᠶᠢᠨ ᠲᠥᠯᠥᠭᠡ᠂ ᠭᠦᠸᠧ ᠵᠢᠶᠠᠨ ᠵᠢᠶᠦ᠋ᠨ ᠡᠪᠡᠳᠴᠢᠲᠡᠨ ᠢ ᠰᠡᠳᠬᠢᠴᠡ ᠶᠢᠨ ᠵᠢᠯᠣᠭᠤᠳᠤᠯᠭ᠎ᠠ ᠬᠢᠬᠦ ᠶᠢ

ᠪᠠᠷᠢᠮᠲᠠᠯᠠᠵᠤ᠂ ᠡᠪᠡᠳᠴᠢᠲᠡᠨ ᠤ ᠤᠷᠮ᠎ᠠ ᠰᠡᠳᠬᠢᠯᠭᠡ ᠶᠢ ᠲᠠᠶᠢᠳᠬᠤᠷᠠᠭᠤᠯᠵᠤ᠂ ᠦᠳᠡ ᠶᠢᠨ ᠡᠮᠦᠨᠡᠬᠢ 11 ᠴᠠᠭ

ᠨᠢᠭᠡ ᠠᠴᠠ ᠪᠠᠨ ᠰᠥᠨᠢ ᠳᠦᠯᠢ ᠪᠣᠯᠲᠠᠯ᠎ᠠ ᠬᠠᠨᠳᠤᠵᠤ᠂ ᠠᠷᠪᠠᠨ ᠬᠡᠳᠦᠨ ᠴᠠᠭ ᠢᠳᠡᠪᠬᠢᠲᠡᠢ ᠠᠪᠤᠷᠠᠨ ᠡᠮᠨᠡᠬᠦ ᠪᠠᠷ

ᠳᠡᠮᠵᠢᠨ᠂ ᠡᠪᠡᠳᠴᠢᠲᠡᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠲᠣᠭᠲᠠᠭᠤᠨ ᠪᠣᠯᠵᠤ᠂ ᠲᠡᠷᠡ ᠰᠠᠶ᠋ᠢ ᠪᠥᠬᠦ

ᠪᠡᠶ᠎ᠡ ᠶᠢᠨ ᠶᠠᠳᠠᠷᠠᠭ᠎ᠠ ᠪᠠᠨ ᠠᠪᠴᠤ ᠡᠪᠡᠳᠴᠢᠲᠡᠨ ᠤ ᠭᠡᠷ ᠠᠴᠠ ᠭᠠᠷᠪᠠ᠃

   ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠠᠵᠢᠯᠯᠠᠵᠤ ᠪᠠᠶᠢᠬᠤ

ᠬᠤᠭᠤᠴᠠᠭᠠᠨ ᠳᠤ᠂ ᠭᠦᠸᠧ ᠵᠢᠶᠠᠨ ᠵᠢᠶᠦ᠋ᠨ ᠣᠨᠣᠰᠢᠯᠠᠨ ᠡᠮᠨᠡᠭᠰᠡᠨ ᠡᠭᠦᠳᠡᠨ ᠡᠮᠨᠡᠯᠭᠡ ᠶᠢᠨ ᠡᠪᠡᠳᠴᠢᠲᠡᠨ 2 ᠲᠦᠮᠡ

ᠭᠠᠷᠤᠢ ᠪᠠᠶᠢᠵᠤ᠂ ᠡᠮᠨᠡᠯᠭᠡ ᠳᠤ ᠰᠠᠭᠤᠭᠰᠠᠨ ᠡᠪᠡᠳᠴᠢᠲᠡᠨ ᠢ 3200 ᠭᠠᠷᠤᠢ ᠭᠥᠯᠢᠶᠡᠨ ᠠᠪᠴᠤ ᠡᠮᠨᠡᠨ ᠵᠠᠰᠠᠵᠤ᠂

150 ᠭᠠᠷᠤᠢ ᠲᠦᠷᠭᠡᠨ ᠴᠢᠨᠠᠷᠲᠠᠢ ᠵᠡᠭᠦᠨ ᠵᠢᠷᠦᠬᠡᠨ ᠴᠢᠳᠠᠮᠵᠢ ᠨᠢ ᠪᠦᠷᠢᠨ ᠪᠤᠰᠤ ᠡᠪᠡᠳᠴᠢᠲᠡᠨ᠂ ᠰᠢᠬᠢᠷ ᠰᠢᠵᠢᠩ

ᠡᠪᠡᠳᠴᠢᠨ ᠤ ᠬᠦᠴᠢᠯᠯᠢᠭ ᠬᠤᠣᠷᠳᠠᠯᠭ᠎ᠠ ᠶᠢᠨ 100 ᠭᠠᠷᠤᠢ ᠬᠥᠮᠥᠨ᠂ ᠴᠢᠰᠤᠨ ᠳᠠᠷᠤᠯᠲᠠ ᠥᠨᠳᠥᠷ ᠠᠶᠤᠯᠲᠠᠢ

350 ᠭᠠᠷᠤᠢ ᠬᠥᠮᠥᠨ᠂ ᠬᠦᠨᠳᠦ ᠡᠪᠡᠳᠴᠢᠨ ᠲᠠᠢ 50 ᠭᠠᠷᠤᠢ ᠬᠥᠮᠥᠨ ᠢ ᠠᠪᠤᠷᠠᠨ ᠵᠠᠰᠠᠵᠤ᠂ ᠣᠯᠠᠨ ᠲᠦᠮᠡᠨ ᠳᠤ

ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠭᠦᠭᠰᠡᠨ ᠪᠠᠶᠢᠨ᠎ᠠ᠃ ᠭᠦᠥᠸ᠋ ᠵᠢᠶᠠᠨ ᠵᠢᠶᠤᠶᠢᠨ

ᠦᠵᠡᠬᠦ ᠪᠠᠷ ᠢᠶᠠᠨ᠂ ᠡᠮᠨᠡᠯᠭᠡ ᠶᠢᠨ ᠬᠢᠷᠢ ᠬᠡᠮᠵᠢᠶ᠎ᠡ ᠨᠢ ᠲᠠᠰᠤᠷᠠᠯᠲᠠ ᠦᠭᠡᠢ ᠳᠡᠭᠡᠭᠰᠢᠯᠡᠭᠡᠳ᠋ ᠰᠠᠢᠢ ᠨᠡᠩ ᠣᠯᠠᠨ

ᠡᠪᠡᠳᠴᠢᠲᠡᠳ ᠢ ᠬᠠᠪᠰᠤᠷᠴᠤ ᠳᠡᠶᠢᠯᠦᠨ᠎ᠡ᠃

   ᠠᠵᠢᠯ ᠤᠨ ᠴᠢᠯᠦᠭᠡ ᠵᠠᠪ ᠢᠶᠠᠷ ᠢᠶᠠᠨ ᠲᠡᠷᠡ ᠳᠠᠪᠲᠠᠨ ᠪᠣᠯᠪᠠᠰᠤᠷᠠᠭᠤᠯᠬᠤ᠂ ᠨᠡᠶᠢᠲᠡᠯᠢᠭ ᠡᠪᠡᠳᠴᠢᠨ ᠤ ᠵᠢᠱᠢᠶ᠎ᠡ ᠶᠢ

ᠰᠤᠳᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠪᠡᠳᠴᠢᠲᠡᠨ ᠤ ᠪᠣᠳᠠᠲᠠᠢ ᠡᠪᠡᠳᠴᠢᠨ ᠤ ᠪᠠᠶᠢᠳᠠᠯ ᠢ

ᠦᠨᠳᠦᠰᠦᠯᠡᠨ ᠥᠪᠡᠷ ᠤᠨ ᠣᠨᠣᠰᠢᠯᠠᠨ ᠡᠮᠨᠡᠬᠦ ᠠᠷᠭ᠎ᠠ ᠶᠢ ᠳ᠋ᠦᠩᠨᠡᠵᠦ᠂ ᠡᠮᠴᠢᠯᠡᠭᠡᠨ ᠤ ᠠᠵᠢᠯ ᠤᠨ ᠳᠤᠮᠳᠠ

ᠡᠪᠡᠳᠴᠢᠲᠡᠨ ᠵᠢᠴᠢ ᠲᠡᠭᠦᠨ ᠤ ᠭᠡᠷ ᠪᠦᠯᠢ ᠶᠢᠨ ᠬᠢᠨ ᠳᠤ ᠤᠬᠠᠭᠤᠯᠭ᠎ᠠ ᠬᠥᠮᠦᠵᠢᠯ ᠬᠢᠬᠦ ᠶᠢ ᠨᠠᠩ ᠴᠢᠬᠤᠯᠠᠴᠢᠯᠠᠵᠤ᠂

ᠣᠯᠠᠨ ᠲᠦᠮᠡᠨ ᠤ ᠡᠷᠡᠭᠦᠯ ᠮᠡᠨᠳᠦ ᠶᠢᠨ ᠮᠡᠳᠡᠯᠭᠡ ᠵᠢᠴᠢ ᠡᠪᠡᠳᠴᠢᠨ ᠰᠡᠷᠭᠡᠶᠢᠯᠡᠬᠦ᠂ ᠡᠪᠡᠳᠴᠢᠨ ᠵᠠᠰᠠᠬᠤ ᠤᠬᠠᠮᠰᠠᠷ ᠢ

ᠨᠡᠮᠡᠭᠳᠡᠭᠦᠯᠬᠦ ᠬᠡᠷᠡᠭᠲᠡᠢ᠃ ᠵᠠᠷᠢᠮ ᠣᠨᠣᠰᠢᠯᠠᠨ ᠡᠮᠨᠡᠬᠦ ᠮᠡᠳᠡᠯᠭᠡ ᠶᠢᠨ ᠠᠬᠢᠴᠠ ᠶᠢ ᠦᠨᠳᠦᠰᠦᠨ ᠱᠠᠲᠤᠨ ᠳᠤ ᠠᠪᠤᠨ᠎ᠠ︔

ᠨᠡᠶᠢᠲᠡᠯᠢᠭ ᠡᠪᠡᠳᠴᠢᠨ ᠤ ᠵᠢᠱᠢᠶ᠎ᠡ ᠶᠢ ᠵᠠᠳᠠᠯᠬᠤ᠂ ᠲᠤᠬᠠᠶᠢᠯᠠᠭᠰᠠᠨ ᠠᠵᠢᠯ ᠤᠨ ᠣᠯᠣᠯᠲᠠ ᠲᠥᠷᠥᠭᠳᠡᠯ ᠢᠶᠠᠨ

ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠨᠡᠯᠭᠡ ᠶᠢᠨ ᠠᠵᠢᠯᠲᠠᠳ ᠲᠠᠢ ᠬᠠᠮᠲᠤ ᠪᠠᠷ ᠡᠳᠦᠷ

ᠲᠤᠲᠤᠮ ᠤᠨ ᠡᠮᠴᠢᠯᠡᠭᠡᠨ ᠤ ᠠᠵᠢᠯ ᠢᠶᠠᠨ ᠪᠡᠶᠡᠯᠡᠭᠦᠯᠵᠦ᠂ ᠡᠪᠡᠳᠴᠢᠨ ᠤ ᠲᠡᠮᠳᠡᠭᠯᠡᠯ ᠢ ᠪᠢᠴᠢᠭᠯᠡᠬᠦ᠂ ᠭᠡᠷ ᠪᠠᠶᠢᠴᠠᠭᠠᠬᠤ

ᠳᠦᠷᠢᠮ ᠵᠡᠷᠭᠡ ᠦᠨᠳᠦᠰᠦᠨ ᠡᠮᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠪᠣᠳᠠᠲᠠᠢ ᠠᠵᠢᠯ ᠤᠨ ᠳᠤᠮᠳᠠ ᠪᠠᠨ

ᠦᠨᠡᠨ ᠬᠦ ᠬᠡᠷᠡᠭᠯᠡᠵᠦ᠂ ᠡᠮᠨᠡᠯᠭᠡ ᠶᠢᠨ ᠠᠵᠢᠯᠲᠠᠳ ᠢ ᠬᠠᠪᠰᠤᠷᠤᠨ ᠦᠨᠳᠦᠰᠦᠨ ᠣᠨᠣᠰᠢᠯᠠᠨ ᠡᠮᠨᠡᠬᠦ ᠲᠤᠬᠠᠶᠢᠯᠠᠭᠰᠠᠨ

ᠠᠵᠢᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠢ᠃

   2024 ᠣᠨ ᠤ ᠡᠮᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠲᠡᠷᠡ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠡᠮᠴᠢ ᠶᠢᠨ ᠨᠡᠶᠢᠭᠡᠮᠯᠢᠭ ᠤᠨ ᠣᠷᠣᠨ ᠪᠦᠰᠡ ᠶᠢᠨ ᠨᠡᠷᠡᠳᠦ ᠡᠮᠴᠢ ᠶᠢᠨ ᠨᠡᠷᠡᠰ ᠲᠤ

ᠰᠣᠩᠭᠤᠭᠳᠠᠪᠠ᠂ ᠡᠨᠡ ᠨᠢ ᠲᠡᠭᠦᠨ ᠤ ᠠᠵᠢᠯ ᠢ ᠨᠤᠲᠠᠯᠠᠭᠰᠠᠨ ᠶᠠᠪᠤᠳᠠᠯ ᠪᠣᠯᠬᠤ ᠪᠥᠭᠡᠳ ᠬᠠᠮᠤᠭ ᠤᠨ ᠰᠠᠶᠢᠨ

ᠪᠠᠶᠠᠷ ᠤᠨ ᠡᠳᠦᠷ ᠤᠨ ᠪᠡᠯᠡᠭ ᠪᠣᠯᠬᠤ ᠨᠢ ᠳᠠᠮᠵᠢᠭ ᠦᠭᠡᠢ ᠶᠤᠮ᠃ ᠭᠦᠸᠧ ᠵᠢᠶᠠᠨ ᠵᠢᠶᠦ᠋ᠨ ᠢᠯᠡᠷᠬᠡᠶᠢᠯᠡᠬᠦ ᠳᠡᠭᠡᠨ᠂

ᠢᠷᠡᠭᠡᠳᠦᠢ ᠶᠢᠨ ᠡᠳᠦᠷ ᠤᠳ ᠲᠤ᠂ ᠲᠡᠷᠡ ᠦᠷᠭᠦᠯᠵᠢᠯᠡᠨ ᠦᠨᠳᠦᠰᠦᠨ ᠱᠠᠲᠤᠨ ᠳᠤ  ᠦᠨᠳᠦᠰᠦᠯᠡᠵᠦ᠂ ᠡᠪᠡᠳᠴᠢᠲᠡᠨ

ᠨᠢᠭᠡᠪᠦᠷᠢ ᠳᠤ ᠬᠢᠨᠠᠮᠠᠭᠠᠢ ᠬᠠᠨᠳᠤᠵᠤ᠂ ᠬᠠᠷᠠᠮᠰᠠᠯ ᠦᠭᠡᠢ ᠡᠮᠴᠢ ᠶᠢᠨ ᠬᠠᠭᠤᠳᠠᠰᠤ ᠪᠢᠴᠢᠭᠯᠡᠨ᠎ᠡ ᠭᠡᠵᠡᠢ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号