ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠵᠢᠴᠢ ᠬᠠᠮᠢᠶᠠᠷᠤᠯᠲᠠ ᠶᠢᠨ | ᠣᠷᠣᠨ ᠤ ᠴᠣᠬᠤᠯᠠᠪᠤᠷᠢᠯᠠᠯ ᠢ ᠦᠨᠳᠦᠰᠦᠯᠡᠨ᠂ ᠨᠠᠷᠢᠨ ᠬᠢᠨᠠᠮᠠᠭᠠᠢ ᠬᠢᠨᠠᠨ ᠪᠠᠶᠢᠴᠠᠭᠠᠬᠤ ᠪᠠ ᠦᠨᠡᠯᠡᠨ ᠵᠢᠱᠢᠬᠦ ᠪᠠᠷ | ᠳᠠᠮᠵᠢᠭᠠᠳ᠂ ᠡᠳᠦᠭᠡ ᠳᠣᠣᠷᠠᠬᠢ ᠮᠡᠲᠦ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ | ᠪᠣᠯᠭᠠᠬᠤ ᠪᠠᠷ ᠲᠣᠭᠲᠠᠭᠠᠪᠠ᠄ | 1. ︽ᠤᠯᠠᠭᠠᠢ ᠬᠠᠮᠢᠶᠠᠷᠤᠯᠲᠠ ᠶᠢᠨ ᠣᠷᠣᠨ ᠤ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠬᠠᠮᠠᠭᠠᠯᠠᠯᠲᠠ ᠪᠠ | ᠠᠰᠢᠭᠯᠠᠯᠲᠠ ᠶᠢᠨ ᠵᠢᠯᠤᠭᠤᠳᠬᠤ ᠰᠠᠨᠠᠯ︾ ︵ᠰᠢᠯᠢ ᠶᠢᠨ ᠭᠤᠣᠯ ᠠᠶᠢᠮᠠᠭ ᠤᠨ ᠬᠠᠮᠢᠶᠠᠷᠤᠯᠲᠠ ᠶᠢᠨ ᠲᠣᠪᠴᠢᠶ᠎ᠠ | ᠲᠠᠷᠬᠠᠭᠠᠭᠰᠠᠨ ︵2015 ᠣᠨ︶ 49 ᠳ᠋ᠦ᠋ᠭᠡᠷ ᠲᠣᠭᠠᠲᠤ︶ | 2. ︽ᠪᠠᠶᠢᠭᠠᠯᠢ ᠶᠢᠨ ᠬᠠᠳᠤᠯᠠᠩ ᠤᠨ ᠲᠠᠯᠠᠪᠠᠢ ᠶᠢᠨ ᠬᠢᠨᠠᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠮᠡᠳᠡᠭᠳᠡᠯ︾ ︵ᠰᠢᠯᠢ ᠶᠢᠨ ᠦ᠋ ᠭᠤᠸᠠᠨ ᠹᠠ ︵2016︶ 76 ᠳ᠋ᠤᠭᠠᠷ ᠲᠣᠭᠠᠲᠤ︶ | ᠳᠡᠭᠡᠷ᠎ᠡ ᠳᠤᠷᠠᠳᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠰ ᠠᠯᠪᠠᠨ ᠵᠠᠷ ᠢ ᠨᠡᠶᠢᠲᠡᠯᠡᠭᠰᠡᠨ | ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠨ᠎ᠠ᠃ | ᠣᠨᠴᠠᠭᠠᠶᠢᠯᠠᠨ ᠵᠠᠷᠯᠠᠪᠠ | ᠤᠯᠠᠭᠠᠢ ᠬᠠᠮᠢᠶᠠᠷᠤᠯᠲᠠ ᠶᠢᠨ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 8 ᠰᠠᠷ᠎ᠠ ᠶᠢᠨ 19 ᠤ ᠡᠳᠦᠷ |