ᠤᠯᠠᠭᠠᠢ ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/20

    ᠣᠶ ᠰᠢᠭᠤᠢ ᠨᠤᠲᠤᠭ ᠪᠡᠯᠴᠢᠭᠡᠷ ᠤᠨ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ ᠣᠶᠢᠷᠠᠳᠬᠤ

ᠭᠡᠵᠦ ᠪᠠᠶᠢᠨ᠎ᠠ᠂ ᠲᠡᠵᠢᠭᠡᠯ ᠡᠪᠡᠰᠦ ᠬᠤᠪᠠᠭ᠋ᠠᠶᠢᠷᠠᠵᠤ᠂ ᠭᠠᠯ ᠤᠨ ᠠᠶᠤᠯ ᠤᠨ ᠲᠠᠰ ᠠᠭᠠᠵᠢᠮ ᠢᠶᠠᠷ ᠳᠡᠭᠡᠭᠰᠢᠯᠡᠵᠦ

ᠪᠠᠶᠢᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ

ᠲᠤᠰᠠᠳᠠ᠂ ᠡᠳᠦᠭᠡ ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ

ᠰᠡᠷᠭᠡᠶᠢᠯᠡᠬᠦ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄

   1. ᠬᠠᠮᠢᠶᠠᠷᠤᠯᠲᠠ ᠶᠢᠨ ᠣᠷᠣᠨ ᠤ ᠡᠪᠡᠰᠦ ᠬᠠᠳᠤᠵᠤ ᠬᠠᠳᠠᠭᠠᠯᠠᠬᠤ ᠠᠵᠢᠯ ᠡᠬᠢᠯᠡᠭᠰᠡᠨ ᠠᠴᠠ ᠠᠪᠤᠭᠠᠳ

ᠳᠠᠭᠤᠰᠬᠤ ᠪᠣᠯᠳᠠᠯ᠎ᠠ ᠡᠯ᠎ᠡ ᠪᠠᠯᠭᠠᠰᠤ ᠲᠠᠯᠠᠪᠠᠢ᠂ ᠬᠠᠮᠢᠶ᠎ᠠ ᠪᠦᠬᠦᠢ ᠪᠠᠶᠢᠭᠤᠯᠭ᠎ᠠ ᠪᠠ ᠬᠤᠪᠢ ᠬᠥᠮᠥᠨ ᠡᠷᠬᠡᠪᠰᠢ ᠭᠠᠯ ᠢ

ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠰᠠᠶᠢᠲᠤᠷ ᠬᠢᠵᠦ᠂ ᠭᠠᠯ ᠠᠯᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃

   2. ᠨᠤᠲᠤᠭ ᠪᠡᠯᠴᠢᠭᠡᠷ ᠢ ᠲᠦᠷᠢᠶᠡᠰᠦᠯᠡᠭᠴᠢ ᠪᠠ ᠡᠪᠡᠰᠦ ᠬᠠᠳᠤᠬᠤ ᠠᠵᠢᠯᠲᠠᠳ ᠡᠷᠬᠡᠪᠰᠢ ᠰᠠᠭᠤᠭ᠎ᠠ

ᠭᠠᠵᠠᠷ ᠤᠨ ᠢᠶᠠᠨ ᠲᠠᠯᠠᠪᠠᠢ ᠲᠠᠢ ︽ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ︾ ᠲᠣᠭᠲᠠᠬᠤ ᠬᠡᠷᠡᠭᠲᠡᠢ᠃

   3. ᠡᠪᠡᠰᠦ ᠬᠠᠳᠤᠬᠤ ᠬᠤᠭᠤᠴᠠᠭᠠᠨ ᠳᠤ ᠰᠢᠷᠠᠬᠤ ᠲᠡᠷᠭᠡ᠂ ᠲᠡᠷᠭᠡ ᠬᠥᠳᠡᠯᠬᠦ ᠦᠶ᠎ᠡ ᠳᠤ ᠭᠠᠯ ᠢ

ᠰᠡᠷᠭᠡᠶᠢᠯᠡᠬᠦ ᠶᠢ ᠠᠩᠬᠠᠷᠴᠤ᠂ ᠡᠪᠡᠰᠦ ᠬᠠᠳᠤᠬᠤ ᠮᠠᠰᠢᠨ᠂ ᠲᠷᠠᠺᠲ᠋ᠣᠷ᠂ ᠡᠪᠡᠰᠦ ᠲᠡᠭᠡᠭᠡᠬᠦ ᠲᠡᠷᠭᠡ ᠵᠡᠷᠭᠡ ᠳᠤ ᠡᠷᠬᠡᠪᠰᠢ

ᠭᠠᠯ ᠰᠡᠷᠭᠡᠶᠢᠯᠡᠬᠦ ᠲᠥᠬᠦᠭᠡᠷᠦᠮᠵᠢ ᠤᠭᠰᠠᠷᠠᠵᠤ᠂ ᠮᠠᠰᠢᠨ ᠮᠧᠬᠠᠨᠢᠭ ᠪᠤᠶᠤ ᠴᠠᠬᠢᠯᠭᠠᠨ ᠬᠡᠯᠬᠢᠶ᠎ᠡ ᠶᠢᠨ ᠰᠠᠭᠠᠲᠠᠯ ᠵᠡᠷᠭᠡ

ᠰᠢᠯᠲᠠᠭᠠᠨ ᠠᠴᠠ ᠪᠣᠯᠵᠤ ᠭᠠᠯ ᠤᠨᠲᠠᠷᠠᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃

   4. ᠡᠪᠡᠰᠦ ᠬᠠᠳᠤᠬᠤ ᠪᠠ ᠡᠪᠡᠰᠦ ᠵᠥᠭᠡᠭᠡᠪᠦᠷᠢᠯᠡᠬᠦ ᠲᠡᠷᠭᠡ ᠣᠶ ᠰᠢᠭᠤᠢ ᠨᠤᠲᠤᠭ ᠪᠡᠯᠴᠢᠭᠡᠷ ᠤᠨ ᠵᠠᠰᠠᠮᠠᠯ ᠵᠠᠮ

ᠳᠡᠭᠡᠷ᠎ᠡ ᠶᠠᠪᠤᠬᠤ ᠳᠤ ᠵᠢᠯᠣᠭᠤᠴᠢ ᠵᠢᠯᠣᠭᠤᠴᠢ ᠲᠡᠷᠭᠡᠨ ᠭᠠᠳᠠᠨ᠎ᠠ ᠭᠠᠯ ᠤᠨ ᠲᠥᠷᠥᠯ ᠬᠠᠶᠠᠬᠤ ᠶᠢ ᠴᠠᠭᠠᠵᠠᠯᠠᠨ᠎ᠠ᠃

   5. ᠡᠪᠡᠰᠦ ᠬᠠᠳᠤᠬᠤ ᠪᠠ ᠡᠪᠡᠰᠦ ᠵᠥᠭᠡᠭᠡᠪᠦᠷᠢᠯᠡᠬᠦ ᠳᠡᠭᠡᠨ ᠴᠥᠮ ᠭᠠᠯ ᠤᠨ ᠲᠥᠷᠥᠯ ᠠᠪᠴᠤ ᠶᠠᠪᠤᠵᠤ ᠪᠣᠯᠬᠤ

ᠦᠭᠡᠢ᠂ ᠬᠡᠭᠡᠷ᠎ᠡ ᠭᠠᠳᠠᠨ᠎ᠠ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨ᠎ᠠ ᠢᠯᠡ ᠭᠠᠯ ᠢᠶᠠᠷ

ᠬᠤᠭᠤᠯᠠ ᠬᠢᠬᠦ᠂ ᠳᠤᠯᠠᠭᠠᠯᠠᠬᠤ᠂ ᠰᠢᠷᠠᠮᠠᠯ ᠢᠳᠡᠭᠡᠨ ᠬᠢᠬᠦ ᠶᠢ ᠴᠢᠩᠭ᠎ᠠ ᠴᠠᠭᠠᠵᠠᠯᠠᠨ᠎ᠠ᠃

   6. ᠬᠡᠭᠡᠷ᠎ᠡ ᠭᠠᠳᠠᠨ᠎ᠠ ᠲᠦᠷ ᠴᠠᠭ ᠤᠨ ᠴᠢᠨᠠᠷᠲᠠᠢ ᠪᠠᠶᠢᠷᠢ ᠶᠢᠨ ᠲᠣᠭᠤᠷᠢᠨ ᠳᠤ ᠡᠷᠬᠡᠪᠰᠢ 20 ᠮᠧᠲᠷ ᠥᠷᠭᠡᠨ

ᠲᠦᠷ ᠴᠠᠭ ᠤᠨ ᠭᠠᠯ ᠰᠡᠷᠭᠡᠶᠢᠯᠡᠬᠦ ᠲᠤᠰᠠᠭᠠᠷᠯᠠᠬᠤ ᠠᠷᠭ᠎ᠠ ᠠᠪᠴᠤ᠂ ᠬᠡᠭᠡᠷ᠎ᠡ ᠭᠠᠳᠠᠨ᠎ᠠ ᠠᠵᠢᠯᠯᠠᠬᠤ ᠭᠠᠵᠠᠷ ᠲᠤ ᠭᠠᠯ

ᠤᠨᠲᠠᠷᠠᠭᠠᠬᠤ ᠪᠠᠭᠠᠵᠢ ︵ᠵᠢᠱᠢᠶᠡᠯᠡᠪᠡᠯ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ ᠬᠤᠶᠠᠳᠤᠭᠠᠷ  ᠪᠠᠭᠠᠵᠢ ᠪᠠ

ᠲᠡᠮᠦᠷ ᠬᠦᠷᠵᠡ᠂ ᠱᠦᠭᠦᠷ ᠵᠡᠷᠭᠡ︶ ᠲᠣᠬᠢᠷᠠᠭᠤᠯᠬᠤ ᠬᠡᠷᠡᠭᠲᠡᠢ᠃

   7. ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠳᠤ ᠮᠠᠯᠴᠢᠨ ᠲᠠᠷᠢᠶᠠᠴᠢᠨ ᠭᠠᠯ

ᠬᠡᠷᠡᠭᠯᠡᠬᠦ ᠳᠡᠭᠡᠨ ᠲᠠᠮᠠᠬᠢᠨ ᠤ ᠡᠭᠦᠷ ᠳᠡᠭᠡᠷ᠎ᠡ ᠭᠠᠯ ᠰᠡᠷᠭᠡᠶᠢᠯᠡᠬᠦ ᠪᠦᠷᠬᠦᠭᠦᠯ ᠤᠭᠰᠠᠷᠠᠵᠤ᠂ ᠲᠠᠪᠤᠳᠤᠭᠠᠷ ᠳᠡᠰ ᠠᠴᠠ

ᠳᠡᠭᠡᠭᠰᠢᠬᠢ ᠰᠠᠯᠬᠢᠨ ᠲᠠᠢ ᠠᠭᠤᠷ ᠠᠮᠢᠰᠬᠤᠯ ᠢᠯᠭᠠᠳᠠᠰᠤᠨ ᠨᠡᠭᠦᠷᠡᠰᠦᠨ ᠭᠠᠯ ᠢ ᠬᠡᠷᠡᠭᠯᠡᠬᠦ ᠠᠴᠠ ᠵᠠᠶᠢᠯᠠᠰᠬᠢᠬᠦ

ᠬᠡᠷᠡᠭᠲᠡᠢ᠃

   8. ᠠᠮᠢ ᠠᠬᠤᠢ ᠪᠣᠯᠪᠠᠰᠤᠨ ᠢ ᠠᠪᠴᠤ᠂ ᠭᠠᠯ ᠢ ᠰᠡᠷᠭᠡᠶᠢᠯᠡᠬᠦ ᠶᠢ ᠡᠷᠬᠡᠪᠰᠢ ᠤᠷᠢᠳᠠᠪᠠᠷ ᠬᠢᠬᠦ ᠬᠡᠷᠡᠭᠲᠡᠢ᠃ ᠣᠶ

ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ

ᠡᠭᠦᠷᠭᠡ ᠪᠠ ᠬᠠᠷᠢᠭᠤᠴᠠᠯᠭ᠎ᠠ ᠮᠥᠨ᠂ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠳᠠᠷᠤᠢ ᠲᠦᠷᠭᠡᠨ

ᠮᠡᠳᠡᠭᠦᠯᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠤᠨᠲᠠᠷᠠᠭᠠᠬᠤ ᠬᠡᠷᠡᠭᠲᠡᠢ

    ᠤᠯᠠᠭᠠᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠰᠡᠷᠡᠮᠵᠢ ᠶᠢᠨ ᠤᠲᠠᠰᠤ     12119

   ᠤᠯᠠᠭᠠᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ

ᠭᠠᠵᠠᠷ ᠤᠨ ᠠᠯᠪᠠᠨ ᠭᠡᠷ᠄

   0479-3351911

   ᠤᠯᠠᠭᠠᠢ ᠬᠠᠮᠢᠶᠠᠷᠤᠯᠲᠠ ᠶᠢᠨ ᠣᠷᠣᠨ ᠤ ᠣᠢ ᠰᠢᠭᠤᠢ ᠨᠤᠲᠤᠭ ᠪᠡᠯᠴᠢᠭᠡᠷ

   ᠭᠠᠯ ᠰᠡᠷᠭᠡᠶᠢᠯᠡᠬᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ

                      2024 ᠣᠨ ᠤ 8 ᠰᠠᠷ᠎ᠠ ᠶᠢᠨ 19 ᠤ ᠡᠳᠦᠷ

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号