ᠨᠠᠰᠤᠨ ᠳᠤ ᠥᠯᠥ ᠭᠦᠷᠦᠭᠰᠡᠳ ᠢ ᠡᠷᠡᠭᠦᠦ ᠪᠠᠷ ᠰᠢᠢᠳᠬᠡᠪᠡ
ᠨᠡᠶᠢᠲᠡᠯᠡᠭᠰᠡᠨ ᠴᠠᠭ᠄
2024/8/20

    ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠣᠶᠢᠯᠠᠭᠠᠭᠰᠠᠨ ᠨᠢ᠂ ᠠᠷᠠᠳ ᠤᠨ ᠰᠢᠭᠦᠬᠦ ᠬᠤᠷᠢᠶ᠎ᠠ ᠨᠠᠰᠤᠨ ᠳᠤ

ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠳᠤ ︽ᠰᠤᠷᠭᠠᠨ ᠬᠥᠮᠥᠵᠢᠭᠦᠯᠬᠦ᠂ ᠤᠶᠠᠷᠠᠭᠤᠯᠤᠨ ᠤᠬᠠᠭᠠᠷᠠᠭᠤᠯᠬᠤ᠂

ᠠᠪᠤᠷᠠᠬᠤ︾ ᠴᠢᠭᠯᠡᠯᠲᠡ ᠪᠠ ︽ᠰᠤᠷᠭᠠᠨ ᠬᠥᠮᠥᠵᠢᠭᠦᠯᠬᠦ ᠪᠠᠷ ᠭᠤᠣᠯᠯᠠᠭᠤᠯᠵᠤ᠂ ᠵᠠᠯᠬᠠᠭᠠᠨ ᠰᠢᠢᠳᠬᠡᠬᠦ ᠪᠠᠷ

ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠨ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠴᠡ ᠶᠢᠨ

ᠣᠨᠴᠠᠯᠢᠭ ᠲᠤ ᠲᠣᠬᠢᠷᠠᠭᠰᠠᠨ ᠰᠢᠭᠦᠨ ᠲᠠᠰᠤᠯᠬᠤ ᠠᠷᠭ᠎ᠠ ᠮᠠᠶ᠋ᠢᠭ ᠢ ᠢᠳᠡᠪᠬᠢᠲᠡᠢ ᠬᠡᠷᠡᠭᠯᠡᠨ᠂ ᠰᠢᠭᠦᠨ ᠲᠠᠰᠤᠯᠤᠯᠲᠠ

 ᠨᠢ ᠶᠠᠯ᠎ᠠ ᠬᠢᠭᠰᠡᠨ ᠨᠠᠰᠤᠨ ᠳᠤ ᠥᠯᠥ ᠭᠦᠷᠦᠭᠰᠡᠳ ᠢ ᠵᠠᠯᠬᠠᠭᠠᠨ ᠴᠡᠭᠡᠷᠯᠡᠭᠦᠯᠬᠦ ᠨᠡᠶᠢᠲᠡ ᠶᠢᠨ ᠲᠠᠩᠬᠢᠮ ᠪᠣᠯᠬᠤ ᠪᠠᠷ

ᠪᠠᠷᠠᠬᠤ ᠦᠭᠡᠢ ᠪᠠᠰᠠ ᠠᠪᠤᠷᠠᠨ ᠰᠤᠷᠭᠠᠬᠤ ᠬᠢᠴᠢᠶᠡᠯ ᠤᠨ ᠲᠠᠩᠬᠢᠮ ᠪᠣᠯᠭᠠᠬᠤ ᠬᠡᠷᠡᠭᠲᠡᠢ ᠭᠡᠵᠡᠢ᠃ ᠰᠢᠢᠳᠬᠡᠬᠦ

ᠲᠠᠯ᠎ᠠ ᠪᠠᠷ ︽ᠠᠭᠤᠴᠢᠯᠠᠬᠤ ᠪᠣᠯᠪᠠᠴᠤ ᠳᠤᠷ᠎ᠠ ᠪᠠᠷ ᠨᠢ ᠲᠠᠯᠪᠢᠬᠤ ᠦᠭᠡᠢ︾ ᠪᠠᠶᠢᠬᠤ ᠶᠢ ᠪᠠᠷᠢᠮᠲᠠᠯᠠᠵᠤ᠂ ᠪᠡᠶᠡᠴᠢ

ᠲᠠᠯ᠎ᠠ ᠶᠢᠨ ᠬᠤᠣᠷᠲᠤ ᠴᠢᠨᠠᠷ ᠨᠢ ᠶᠡᠭᠡ᠂ ᠬᠤᠣᠷ ᠬᠥᠨᠥᠭᠡᠯ ᠨᠢ ᠬᠦᠨᠳᠦ ᠨᠣᠴᠢᠲᠠᠢ᠂ ᠢᠯᠠᠩᠭᠤᠶ᠎ᠠ ᠣᠯᠠᠨᠲᠠ

ᠰᠤᠷᠭᠠᠪᠠᠴᠤ ᠵᠠᠰᠠᠷᠠᠬᠤ ᠦᠭᠡᠢ ᠪᠠᠶᠢᠪᠠᠯ᠂ ᠰᠢᠢᠳᠬᠡᠬᠦ ᠶᠣᠰᠣᠲᠠᠢ ᠶᠢ ᠨᠢ ᠬᠠᠤᠯᠢ ᠶᠣᠰᠣᠭᠠᠷ ᠰᠢᠢᠳᠬᠡᠵᠦ᠂

ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠤᠣᠷᠯᠠᠭᠳᠠᠭᠴᠢ ᠳᠤ ᠲᠥᠪ ᠭᠤᠣᠯᠴᠢ᠂ ᠨᠡᠶᠢᠭᠡᠮ

ᠨᠡᠶᠢᠲᠡ ᠳᠤ ᠲᠥᠪ ᠭᠤᠣᠯᠴᠢ ᠶᠢ ᠣᠯᠭᠤᠨ᠎ᠠ᠃

    ᠣᠶᠢᠷ᠎ᠠ ᠶᠢᠨ ᠬᠤᠭᠤᠴᠠᠭᠠᠨ ᠳᠤ᠂ ᠪᠦᠬᠦᠯᠢ 12 ᠨᠠᠰᠤ ᠬᠦ᠋ᠷᠦᠭᠡᠳ ᠪᠦᠬᠦᠯᠢ 14 ᠨᠠᠰᠤ ᠬᠦᠷᠦᠭᠡᠳᠦᠢ

ᠨᠠᠰᠤᠨ ᠳᠤ ᠥᠯᠥ ᠬᠦᠷᠦᠭᠰᠡᠳ ᠬᠥᠮᠥᠨ ᠠᠯᠠᠭᠰᠠᠨ᠂ ᠪᠤᠰᠤᠳ ᠢ ᠬᠦᠨᠳᠦ ᠰᠢᠷᠬᠠᠲᠤᠭᠤᠯᠤᠭᠰᠠᠨ ᠶᠠᠯᠠᠲᠤ

ᠠᠵᠢᠯᠯᠠᠭ᠎ᠠ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠶᠠᠷᠢᠯᠴᠠᠭ᠎ᠠ ᠨᠢ ᠬᠥᠮᠥᠰ ᠤᠨ ᠠᠩᠬᠠᠷᠤᠯ ᠢ

ᠶᠡᠬᠡᠳᠡ ᠲᠠᠲᠠᠵᠠᠢ᠃ ᠣᠳᠣᠬᠠᠨ ᠪᠣᠯᠲᠠᠯ᠎ᠠ᠂ ᠠᠷᠠᠳ ᠤᠨ ᠰᠢᠭᠦᠬᠦ ᠬᠤᠷᠢᠶ᠎ᠠ ᠡᠶᠢᠮᠦᠷᠬᠦ ᠬᠡᠷᠡᠭ ᠢ ᠨᠡᠶᠢᠲᠡ 4 ᠬᠤᠪᠢ 4

ᠬᠥᠮᠥᠨ ᠢ ᠰᠢᠭᠦᠨ ᠲᠠᠰᠤᠯᠵᠤ᠂ ᠶᠠᠯ᠎ᠠ ᠬᠢᠭᠰᠡᠳ ᠤᠨ ᠨᠠᠰᠤ ᠨᠢ 12 ᠠᠴᠠ 13 ᠨᠠᠰᠤᠨ ᠤ ᠬᠤᠭᠤᠷᠣᠨᠳᠤ ᠪᠠᠶᠢᠵᠤ᠂

ᠬᠠᠤᠯᠢ ᠶᠣᠰᠣᠭᠠᠷ 10 ᠠᠴᠠ 15 ᠵᠢᠯ ᠤᠨ ᠬᠤᠭᠤᠴᠠᠭ᠎ᠠ ᠲᠠᠢ ᠬᠤᠷᠢᠬᠤ ᠪᠠᠷ ᠰᠢᠢᠳᠬᠡᠵᠡᠢ᠃

    ᠬᠡᠦᠬᠡᠳ ᠲᠤ ᠠᠰᠠᠭᠤᠳᠠᠯ ᠣᠷᠣᠰᠢᠵᠤ ᠪᠠᠶᠢᠭ᠎ᠠ ᠨᠢ ᠭᠡᠷ ᠪᠦᠯᠢ ᠨᠡᠶᠢᠭᠡᠮ ᠤᠨ ᠤᠯᠠᠨ ᠵᠦᠢᠯ ᠤᠨ

ᠡᠯᠧᠮᠧᠨ᠋ᠲ ᠤᠨ ᠶᠡᠷᠦᠩᠬᠡᠶᠢᠯᠡᠭᠰᠡᠨ ᠨᠥᠯᠥᠭᠡ ᠠᠴᠠ ᠪᠣᠯᠤᠭᠰᠠᠨ ᠶᠤᠮ᠃ ᠤᠷᠤᠭ ᠭᠡᠷ ᠪᠦᠯᠢ ᠶᠢᠨ ᠶᠠᠪᠤᠳᠠᠯ᠂ ᠡᠷᠬᠡ ᠳᠤ

ᠬᠠᠯᠳᠠᠭᠰᠠᠨ ᠵᠡᠷᠭᠡ ᠬᠡᠷᠡᠭ ᠢ ᠰᠢᠭᠦᠬᠦ ᠳᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠ ᠰᠤᠷᠭᠠᠨ ᠬᠥᠮᠥᠵᠢᠭᠦᠯᠵᠦ

ᠬᠥᠲᠥᠯᠥᠨ ᠵᠢᠯᠤᠭᠤᠳᠬᠤ ᠠᠵᠢᠯ ᠢ ᠴᠢᠬᠤᠯᠠᠴᠢᠯᠠᠨ ᠴᠢᠩᠭᠠᠳᠬᠠᠵᠤ᠂ ᠡᠴᠢᠭᠡ ᠡᠬᠡ ᠶᠢ ᠬᠥᠲᠥᠯᠥᠨ ᠵᠢᠯᠤᠭᠤᠳᠴᠤ

ᠪᠠᠶᠢᠭᠠᠳ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ ᠬᠡᠷᠡᠭᠲᠡᠢ᠃

ᠡᠭᠦᠨ ᠠᠴᠠ ᠭᠠᠳᠠᠨ᠎ᠠ᠂ ︽ᠠᠰᠠᠭᠤᠳᠠᠯ ᠲᠠᠢ ᠪᠠᠭᠠᠴᠤᠳ︾ ᠢ ᠬᠥᠮᠥᠵᠢᠭᠦᠯᠦᠨ ᠵᠠᠯᠠᠷᠠᠭᠤᠯᠤᠨ ᠵᠠᠰᠠᠬᠤ ᠶᠠᠪᠤᠴᠠ ᠶᠢ

ᠬᠡᠶᠢᠰᠪᠦᠷᠢᠴᠢᠯᠡᠵᠦ᠂ ᠶᠡᠭᠡ ᠬᠡᠮᠵᠢᠶᠡᠨ ᠤ ᠨᠠᠰᠤᠨ ᠳᠤ ᠥᠯᠥ ᠭᠦᠷᠦᠭᠰᠡᠳ ᠬᠠᠤᠯᠢ ᠶᠢ ᠵᠥᠷᠢᠴᠡᠭᠰᠡᠨ ᠤ ᠳᠠᠷᠠᠭ᠎ᠠ

ᠬᠢᠨᠠᠨ ᠬᠠᠮᠢᠶᠠᠷᠬᠤ ᠴᠢᠳᠠᠪᠤᠷᠢ ᠦᠭᠡᠢ᠂ ᠵᠠᠯᠠᠷᠠᠭᠤᠯᠤᠨ ᠵᠠᠰᠠᠬᠤ ᠶᠠᠪᠤᠳᠠᠯ ᠨᠢ ᠬᠡᠢ ᠬᠤᠭᠤᠰᠤᠨ ᠪᠠᠶᠢᠳᠠᠯ ᠳᠤ

ᠣᠷᠣᠰᠢᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠨ ᠳᠠᠬᠢᠨ ᠬᠢᠵᠦ᠂ ᠡᠴᠦᠰ ᠲᠡᠭᠡᠨ ᠮᠠᠭᠤ ᠦᠷ᠎ᠡ

ᠳ᠋ᠦᠩ ᠭᠠᠷᠭᠠᠵᠤ ᠶᠠᠯᠠᠲᠤ ᠠᠵᠢᠯᠯᠠᠭ᠎ᠠ ᠪᠣᠯᠵᠤ ᠪᠦᠷᠢᠯᠳᠦᠵᠡᠢ᠃ ᠵᠢᠱᠢᠶᠡᠯᠡᠪᠡᠯ ᠨᠢᠭᠡᠨ ᠬᠡᠷᠡᠭ ᠲᠤ ᠵᠠᠭᠠᠯᠳᠤᠭᠳᠠᠭᠴᠢ

 ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠪᠤ ᠤᠳᠠᠭ᠎ᠠ ᠵᠠᠰᠠᠭ ᠵᠠᠬᠢᠷᠭᠠᠨ ᠢᠶᠠᠷ ᠲᠦᠷ ᠬᠤᠷᠢᠭᠳᠠᠭᠰᠠᠨ

ᠪᠣᠯᠪᠠᠴᠤ ᠴᠥᠮ ᠪᠣᠳᠠᠲᠠᠢ ᠪᠠᠷ ᠭᠦᠢᠴᠡᠳᠬᠡᠭᠰᠡᠨ ᠦᠭᠡᠢ᠃ ᠪᠠᠭ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠢ

ᠲᠤᠰᠬᠠᠶᠢᠯᠠᠨ ᠵᠠᠯᠠᠷᠠᠭᠤᠯᠤᠨ ᠵᠠᠰᠠᠬᠤ ᠪᠠᠶᠢᠭᠤᠯᠤᠮᠵᠢ ᠶᠢᠨ ᠬᠦᠴᠦᠨ ᠪᠠᠭᠤᠷᠠᠢ ᠪᠠᠶᠢᠬᠤ ᠪᠠᠶᠢᠳᠠᠯ ᠢ ᠲᠦᠷᠭᠡᠬᠡᠨ

ᠬᠤᠪᠢᠷᠠᠭᠤᠯᠵᠤ᠂ ᠲᠤᠰᠬᠠᠢ ᠰᠤᠷᠭᠠᠭᠤᠯᠢ ᠶᠢᠨ ᠪᠠᠶᠢᠭᠤᠯᠤᠯᠲᠠ ᠶᠢ ᠲᠦᠷᠭᠡᠳᠬᠡᠨ᠂ ᠪᠠᠭᠠᠴᠤᠳ ᠤᠨ ᠬᠠᠤᠯᠢ

ᠴᠠᠭᠠᠵᠠ ᠶᠢᠨ ᠪᠡᠶ᠎ᠡ ᠪᠠᠨ ᠳᠠᠭᠠᠭᠠᠭᠰᠠᠨ ᠰᠢᠰᠲ᠋ᠧᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂

ᠨᠡᠶᠢᠭᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠪᠣᠯᠪᠠᠴᠤ ᠡᠷᠡᠭᠦᠦ ᠶᠢᠨ ᠶᠠᠯ᠎ᠠ ᠪᠣᠯᠵᠤ

ᠪᠦᠷᠢᠯᠳᠦᠭᠰᠡᠨ ᠦᠭᠡᠢ ᠨᠠᠰᠤᠨ ᠳᠤ ᠦᠯᠦ ᠬᠦᠷᠦᠭᠰᠡᠳ ᠲᠤ ᠪᠠᠶᠢᠪᠠᠰᠤ ᠵᠣᠬᠢᠬᠤ ᠵᠠᠯᠠᠷᠠᠭᠤᠯᠤᠨ ᠵᠠᠰᠠᠬᠤ ᠬᠥᠮᠦᠵᠢᠯ

ᠬᠦᠷᠲᠡᠭᠡᠬᠦ ᠬᠡᠷᠡᠭᠲᠡᠢ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号