ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠪᠠᠬᠢ ᠪᠣᠶ ᠪᠣᠯᠭᠠᠵᠤ᠂ ᠲᠠᠯ᠎ᠠ ᠨᠤᠲᠤᠭ ᠤᠨ ᠵᠠᠰᠠᠮᠠᠯ ᠵᠠᠮ ᠤᠨ ᠳᠤᠭᠤᠢ ᠲᠡᠷᠭᠡᠨ ᠤ ᠡᠷᠡᠭᠦᠯ ᠡᠩᠬᠡ ᠳᠤᠭᠤᠢ ᠲᠡᠷᠭᠡᠨ ᠤ | ᠬᠥᠳᠡᠯᠭᠡᠭᠡᠨ ᠢ ᠳᠡᠯᠭᠡᠷᠡᠭᠦᠯᠦᠨ ᠲᠦᠭᠡᠮᠡᠯᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ | ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ︽ᠬᠥᠬᠡ ᠴᠢᠨ᠋ᠸ᠎ᠠ ᠶᠢᠨ ᠨᠢᠭᠤᠴᠠ ᠣᠷᠣᠨ ᠤ ᠲᠠᠯ᠎ᠠ ᠨᠤᠲᠤᠭ︾ ᠤᠨ | ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ | ᠲᠥᠯᠥᠭᠡ᠃ 8 ᠰᠠᠷ᠎ᠠ ᠶᠢᠨ 17 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ︽ᠲᠡᠭᠷᠢ ᠶᠢᠨ ᠬᠠᠶᠠᠭ᠎ᠠ ᠲᠠᠯ᠎ᠠ | ᠨᠤᠲᠤᠭ︾ ᠵᠠᠰᠠᠮᠠᠯ ᠵᠠᠮ ᠤᠨ ᠳᠤᠭᠤᠢ ᠲᠡᠷᠭᠡ ᠪᠠᠷ ᠠᠶᠠᠯᠠᠬᠤ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠨᠡᠶᠢᠲᠡ 100 | ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠲᠡᠭᠷᠢ ᠶᠢᠨ ᠬᠠᠶᠠᠭᠠᠨ ᠤ ᠲᠠᠯ᠎ᠠ ᠨᠤᠲᠤᠭ ᠲᠤ ᠬᠦᠰᠡᠯ | ᠵᠡᠭᠦᠳᠦ ᠪᠠᠨ ᠲᠡᠷᠭᠡᠯᠰᠢᠭᠦᠯᠦᠨ ᠤᠷᠤᠭᠰᠢᠯᠠᠵᠠᠢ᠃ | ᠲᠣᠰ ᠤᠳᠠᠭᠠᠨ ᠤ ᠠᠵᠢᠯᠯᠠᠭ᠎ᠠ ᠶᠢ ᠨᠢᠭᠡᠳᠦᠮᠡᠯ ᠹᠷᠣᠨᠲ ᠤᠨ ᠣᠯᠠᠨ ᠲᠦᠮᠡᠨ ᠤ ᠠᠵᠢᠯ ᠤᠨ ᠬᠡᠯᠲᠡᠰ | ︵ᠠᠵᠢᠯᠴᠢᠨ ᠤ ᠡᠪᠯᠡᠯ︶᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠣ ᠶᠢᠨ ᠵᠥᠪᠯᠡᠯ ᠬᠠᠮᠲᠤᠷᠠᠨ ᠡᠷᠬᠢᠯᠡᠵᠣ᠂ ᠤᠷᠤᠯᠳᠤᠭᠠᠨ ᠤ ᠪᠦᠬᠦ ᠶᠠᠪᠤᠴᠠ ᠳᠤ 10 ᠺᠢᠯᠣᠮᠧᠲᠷ ᠶᠠᠪᠤᠬᠤ | ᠪᠥᠭᠡᠳ ᠬᠥᠳᠡᠯᠭᠡᠭᠡᠨ ᠤ ᠭᠠᠵᠠᠷ ᠲᠤ ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠪᠠᠯᠭᠠᠰᠤ ᠠᠴᠠ ᠪᠦᠯᠢᠶᠡᠨ | ᠪᠤᠯᠠᠭ ᠦᠵᠡᠮᠵᠢ ᠶᠢᠨ ᠣᠷᠣᠨ ᠳᠤ ᠬᠦᠷᠴᠦ ︽ᠤᠯᠠᠭᠠᠨ ᠠᠨᠠᠷ ᠶᠠᠪᠤᠬᠤ ᠵᠠᠮ︾ ᠤᠨ ᠵᠠᠰᠠᠮᠠᠯ ᠵᠠᠮ ᠪᠣᠯᠣᠨ᠎ᠠ᠃ | ᠤᠷᠤᠯᠳᠤᠭᠠᠨ ᠤ ᠵᠠᠮ ᠳᠠᠭᠠᠤ ᠦᠵᠡᠮᠵᠢ ᠭᠤᠶᠣ ᠰᠠᠶᠢᠬᠠᠨ᠂ ᠲᠤᠬᠠᠶᠢᠯᠠᠪᠠᠯ ᠲᠠᠮᠢᠷᠴᠢᠳ ᠲᠤ ᠤᠷᠤᠯᠳᠤᠭᠠᠨ ᠳᠤ | ᠣᠷᠣᠯᠴᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠵᠤ᠂ ᠪᠠᠰᠠ ᠬᠠᠮᠢᠶᠠᠷᠤᠯᠲᠠ ᠶᠢᠨ ᠣᠷᠣᠨ ᠤ | ᠪᠠᠶᠢᠭᠠᠯᠢ ᠶᠢᠨ ᠥᠩᠭᠡ ᠦᠵᠡᠮᠵᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | ᠲᠣᠰ ᠤᠳᠠᠭᠠᠨ ᠤ ᠬᠥᠳᠡᠯᠭᠡᠭᠡᠨ ᠨᠢ ︽ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠤᠨ ᠠᠩᠬᠠᠷᠤᠯ ᠢ | ᠲᠠᠲᠠᠭᠰᠠᠨ ᠢᠶᠠᠷ ᠪᠠᠷᠠᠬᠤ ᠦᠭᠡᠢ᠂ ᠭᠤᠶᠢᠳᠠ ᠰᠠᠶᠢᠬᠠᠨ ᠪᠠᠶᠢᠭᠠᠯᠢ ᠶᠢᠨ ᠦᠵᠡᠮᠵᠢ ᠶᠢ ᠰᠣᠨᠢᠷᠬᠠᠬᠤ ᠶᠢᠨ ᠬᠠᠮᠲᠤ᠂ | ᠭᠠᠵᠠᠷ ᠣᠷᠣᠨ ᠤ ᠣᠨᠴᠠᠯᠢᠭ ᠲᠠᠢ ᠣᠷᠣᠯᠳᠣᠭᠠᠨ ᠤ ᠠᠵᠢᠯᠯᠠᠭᠠᠨ ᠢ ᠦᠵᠡᠵᠦ᠂ ᠬᠥᠬᠡ ᠴᠢᠨ᠋ᠸ᠎ᠠ ᠶᠢᠨ ᠨᠢᠭᠤᠴᠠ | ᠣᠷᠣᠨ ᠤ ᠲᠠᠯ᠎ᠠ ᠨᠤᠲᠤᠭ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠬᠦᠯᠬᠦ ᠶᠢᠨ ᠬᠠᠮᠲᠤ᠂ ᠪᠡᠶ᠎ᠡ ᠶᠢᠨ ᠲᠠᠮᠢᠷ ᠪᠣᠯᠣᠨ ᠰᠣᠶᠣᠯ ᠵᠤᠭᠠᠴᠠᠯ ᠤᠨ ᠬᠦᠷᠢᠶ᠎ᠡ ᠬᠡᠪᠴᠢᠶᠡᠨ ᠤ | ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠬᠠᠮᠢᠶᠠᠷᠤᠯᠲᠠ ᠶᠢᠨ ᠣᠷᠣᠨ ᠤ ᠣᠯᠠᠨ ᠲᠦᠮᠡᠨ ᠤ ᠰᠣᠶᠣᠯ | ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠠᠭᠠᠢ ᠭᠠᠳᠠᠭᠰᠢ ᠨᠥᠯᠥᠭᠡᠯᠡᠬᠦ ᠬᠦᠴᠦᠨ ᠢ ᠨᠡᠮᠡᠭᠳᠡᠭᠦᠯᠦᠭᠰᠡᠨ | ᠪᠠᠶᠢᠨ᠎ᠠ᠃ |