ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠤᠷᠢᠳ ᠢᠶᠠᠷ ᠬᠢᠬᠦ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ
ᠨᠡᠶᠢᠲᠡᠯᠡᠭᠰᠡᠨ ᠴᠠᠭ᠄
2024/8/20

    ︽ᠥᠭᠡᠷᠡᠴᠢᠯᠡᠯᠲᠡ ᠶᠢ ᠤᠯᠠᠮ ᠨᠢᠭᠡ ᠠᠯᠬᠤᠮ  ᠪᠦᠬᠦ  ᠲᠠᠯ᠎ᠠ ᠪᠠᠷ  ᠭᠦᠨᠵᠡᠭᠡᠶᠢᠷᠡᠭᠦᠯᠵᠦ᠂ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ

ᠲᠥᠪ ᠬᠤᠷᠢᠶᠠᠨ ᠤ ᠲᠣᠭᠲᠠᠭᠠᠯ︾ ᠳᠤ ᠵᠢᠭᠠᠵᠤ ᠭᠠᠷᠭᠠᠬᠤ ᠳᠤ ᠪᠠᠨ᠂ ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂

ᠴᠠᠭ ᠤᠨ ᠬᠦᠰᠦᠨᠦᠭᠲᠦ᠂ ᠤᠷᠢᠳ ᠢᠶᠠᠷ ᠬᠢᠬᠦ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ

ᠭᠡᠵᠡᠢ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠣᠯᠠᠨᠲᠠ ᠴᠢᠬᠤᠯᠠᠴᠢᠯᠠᠭᠰᠠᠨ ᠨᠢᠭᠡᠨ ᠴᠢᠬᠤᠯᠠ

ᠠᠵᠢᠯ ᠤᠨ ᠠᠷᠭ᠎ᠠ ᠬᠡᠮᠵᠢᠶ᠎ᠡ ᠪᠣᠯᠣᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ

ᠭᠦᠨᠵᠡᠭᠡᠶᠢᠷᠡᠭᠦᠯᠬᠦ ᠳᠤ ᠡᠭᠦᠷᠭᠡ ᠬᠦᠨᠳᠦ᠂ ᠲᠠᠯ᠎ᠠ ᠲᠠᠯ᠎ᠠ ᠶᠢᠨ ᠠᠵᠢᠯ ᠠᠷᠪᠢᠨ ᠪᠣᠯᠬᠤᠷ ᠡᠷᠬᠡᠪᠰᠢ

ᠥᠭᠡᠷᠡᠴᠢᠯᠡᠯᠲᠡ ᠶᠢᠨ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠯᠬᠤᠮ ᠲᠠᠷᠠᠭ᠎ᠠ ᠲᠠᠢ ᠪᠠᠷ

ᠤᠷᠤᠭᠰᠢᠯᠠᠨ ᠪᠣᠯᠭᠤᠮᠵᠢᠲᠠᠢ ᠠᠵᠢᠯᠯᠠᠵᠤ᠂ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠨ

ᠤᠷᠤᠭᠰᠢᠯᠠᠬᠤ ᠶᠢ ᠠᠬᠢᠭᠤᠯᠤᠨ᠎ᠠ᠃

    ᠥᠭᠡᠷᠡᠴᠢᠯᠡᠯᠲᠡ ᠶᠢᠨ ᠶᠡᠭᠡ ᠪᠠᠶᠢᠳᠠᠯ ᠢ ᠤᠬᠠᠭᠠᠯᠠᠨ ᠲᠥᠯᠥᠪᠯᠡᠬᠦ ᠠᠴᠠ ᠡᠬᠢᠯᠡᠭᠦᠯᠳᠡᠭ᠃  ᠥᠨᠳᠥᠷ

ᠲᠦᠪᠰᠢᠨ ᠠᠴᠠ ᠪᠣᠳᠣᠯᠬᠢᠯᠠᠨ᠂ ᠵᠢᠵᠢᠭ ᠰᠠᠵᠢᠭ  ᠵᠦᠢᠯᠡᠰ ᠠᠴᠠ ᠭᠠᠷᠳᠠᠵᠤ᠂ ᠨᠢᠭᠡᠳᠦᠯᠲᠡᠢ ᠲᠥᠯᠥᠪᠯᠡᠨ ᠨᠡᠶᠢᠳᠡᠮ ᠳᠤ

 ᠨᠢ ᠬᠠᠷᠠᠭᠠᠯᠵᠠᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠦᠨᠡᠨ ᠠᠴᠠ ᠵᠥᠪ ᠢ ᠡᠷᠢᠨ

ᠲᠥᠯᠥᠪᠯᠡᠭᠡ  ᠲᠣᠭᠲᠠᠭᠠᠨ᠎ᠠ᠃ ᠨᠡᠩ ᠥᠨᠳᠥᠷ ᠢᠶᠠᠷ ᠪᠠᠷᠢᠮᠵᠢᠶᠠᠯᠠᠨ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ

ᠮᠥᠷᠲᠡᠭᠡᠨ ᠪᠠᠰᠠ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠴᠢᠳᠠᠯ ᠤᠨ ᠢᠶᠠᠨ ᠬᠢᠷᠢ ᠪᠠᠷ ᠢᠶᠠᠨ

ᠠᠵᠢᠯᠯᠠᠨ᠎ᠠ᠃ ᠶᠡᠭᠡ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠢ ᠪᠠᠷ ᠡᠭᠦᠷᠭᠡ ᠪᠠᠨ ᠲᠥᠰᠥᠪᠯᠡᠵᠦ᠂ ᠡᠯ᠎ᠡ

ᠬᠦᠷᠢᠶᠡᠨ ᠳᠠᠬᠢ ᠥᠭᠡᠷᠡᠴᠢᠯᠡᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃

    ᠴᠠᠭ ᠮᠥᠴᠡ ᠤᠷᠤᠰᠬᠠᠯ ᠤᠰᠤᠨ ᠮᠡᠲᠦ ᠥᠩᠭᠡᠷᠡᠨ ᠣᠳᠣᠨ᠎ᠠ᠃ 2029 ᠣᠨ ᠤ ᠪᠦᠬᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠬᠤ ᠦᠶᠡᠰ ᠢᠶᠠᠷ᠂ ᠡᠯ᠎ᠡ ᠵᠦᠢᠯ ᠤᠨ

ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠳᠤ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ ᠪᠠᠶᠢᠨ᠎ᠠ᠃

ᠥᠭᠡᠷᠡᠴᠢᠯᠡᠯᠲᠡ ᠬᠢᠬᠦ ᠳᠤ ᠠᠪᠤᠨ ᠳᠣᠣᠷ᠎ᠠ ᠪᠠᠨ ᠠᠮᠵᠢᠯᠲᠠ ᠣᠯᠬᠤ ᠪᠠᠷ ᠶᠠᠭᠠᠷᠠᠵᠤ ᠪᠣᠯᠬᠤ ᠦᠭᠡᠢ᠂ ᠭᠡᠪᠡᠴᠦ

ᠥᠨᠳᠥᠷ ᠮᠣᠳᠣᠨ ᠤ ᠳᠣᠣᠷ᠎ᠠ ᠦᠬᠦᠭᠰᠡᠨ ᠲᠠᠤᠯᠠᠢ ᠶᠢ ᠬᠦᠯᠢᠶᠡᠵᠦ ᠰᠠᠭᠤᠭᠠᠳ ᠯᠠ ᠪᠠᠶᠢᠵᠤ ᠶᠠᠭᠠᠬᠢᠭᠰᠠᠨ ᠴᠦ

ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ

ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠪᠣᠳᠣᠯᠬᠢᠯᠠᠨ᠂ ᠪᠣᠳᠠᠲᠤ ᠪᠠᠶᠢᠳᠠᠯ ᠢᠶᠠᠨ

ᠦᠨᠳᠦᠰᠦᠯᠡᠨ ︽ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠲᠣᠬᠢᠷᠠᠭᠤᠯᠵᠤ︾᠂ ᠥᠭᠡᠷᠡᠴᠢᠯᠡᠯᠲᠡ ᠶᠢ

ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ ᠠᠬᠢᠭᠤᠯᠤᠨ᠎ᠠ᠃

    ᠠᠰᠠᠭᠤᠳᠠᠯ ᠣᠷᠣᠰᠢᠵᠤ ᠪᠠᠶᠢᠭ᠎ᠠ ᠭᠠᠵᠠᠷ ᠪᠣᠯ ᠳᠠᠷᠤᠢ ᠪᠢᠳᠡᠨ ᠤ ᠥᠭᠡᠷᠡᠴᠢᠯᠡᠯᠲᠡ ᠬᠢᠬᠦ ᠵᠦᠭ ᠴᠢᠭᠯᠡᠯ ᠭᠡᠵᠦ

ᠬᠡᠯᠡᠵᠦ ᠪᠣᠯᠣᠨ᠎ᠠ᠃ ᠥᠭᠡᠷᠡᠴᠢᠯᠡᠯᠲᠡ ᠶᠢᠨ ᠤᠷᠢᠳ ᠢᠶᠠᠷ ᠬᠢᠬᠦ ᠲᠡᠰ ᠳᠠᠷᠠᠭᠠᠯᠠᠯ ᠢ ᠰᠠᠶᠢᠲᠤᠷ ᠵᠢᠭᠰᠠᠭᠠᠬᠤ ᠳᠤ ᠳᠠᠷᠤᠢ

ᠲᠣᠪᠣᠶᠢᠮ᠎ᠠ ᠵᠥᠷᠢᠴᠡᠯ᠂ ᠭᠤᠣᠯᠳᠠᠯᠭ᠎ᠠ ᠪᠣᠯᠬᠤ ᠠᠰᠠᠭᠤᠳᠠᠯ ᠳᠤ ᠴᠢᠭᠯᠡᠭᠦᠯᠦᠨ ᠥᠭᠡᠷᠡᠴᠢᠯᠡᠯᠲᠡ ᠬᠢᠨ᠎ᠡ᠃ ᠭᠤᠣᠯ

ᠳᠡᠳ᠋ ᠢ ᠲᠣᠳᠣᠷᠬᠠᠢ ᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ

ᠰᠠᠭᠤᠷᠢ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠨᠥᠯᠥᠭᠡ ᠪᠦᠬᠦᠢ

ᠲᠡᠳᠡᠭᠡᠷ ᠥᠭᠡᠷᠡᠴᠢᠯᠡᠯᠲᠡ ᠶᠢᠨ ᠡᠭᠦᠷᠭᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠦᠴᠦᠨ ᠢᠶᠠᠨ ᠲᠥᠪᠯᠡᠷᠡᠭᠦᠯᠦᠨ

ᠤᠷᠢᠳ ᠢᠶᠠᠷ ᠰᠢᠪᠲᠤᠯᠤᠨ᠎ᠠ᠃ ᠠᠷᠠᠳ ᠲᠦᠮᠡᠨ ᠶᠠᠮᠠᠷ ᠬᠦᠰᠡᠯ ᠱᠠᠭᠠᠷᠳᠠᠯᠭ᠎ᠠ ᠲᠠᠢ ᠯᠠ ᠪᠣᠯ ᠲᠡᠭᠦᠨ ᠯᠦᠭᠡ

ᠵᠣᠬᠢᠴᠠᠭᠰᠠᠨ ᠥᠭᠡᠷᠡᠴᠢᠯᠡᠯᠲᠡ ᠶᠢᠨ ᠬᠠᠷᠢᠭᠤ ᠲᠤᠰᠬᠠᠯ ᠭᠠᠷᠭᠠᠬᠤ ᠬᠡᠷᠡᠭᠲᠡᠢ᠃ ᠡᠯ᠎ᠡ ᠵᠦᠢᠯ ᠤᠨ

ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠬᠤ ᠳᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ

ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠰᠡᠳᠬᠢᠯ ᠳᠤ ᠪᠠᠨ ᠪᠤᠳᠤᠵᠤ᠂ ᠠᠷᠠᠳ ᠲᠦᠮᠡᠨ ᠤ ᠠᠰᠢᠭ

ᠲᠤᠰᠠ ᠠᠴᠠ ᠡᠭᠦᠰᠬᠦ ᠶᠢ ᠪᠠᠷᠢᠮᠲᠠᠯᠠᠨ ᠥᠭᠡᠷᠡᠴᠢᠯᠡᠯᠲᠡ ᠶᠢᠨ ᠰᠡᠳᠬᠢᠮᠵᠢ ᠪᠠᠨ ᠲᠥᠰᠥᠪᠯᠡᠵᠦ᠂ ᠠᠷᠠᠳ ᠤᠯᠠᠨ ᠳᠤ

ᠥᠭᠡᠷᠡᠴᠢᠯᠡᠯᠲᠡ ᠬᠢᠵᠦ ᠣᠯᠣᠭᠰᠠᠨ ᠠᠰᠢᠭ ᠲᠤᠰᠠ ᠶᠢ ᠦᠨᠡᠨ ᠬᠦ ᠡᠳ᠋ᠯᠡᠭᠦᠯᠦᠨ᠎ᠡ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号