ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠠᠪᠤᠭᠳᠠᠪᠠ  ᠵᠧᠩ ᠭᠤᠸᠠᠩ ᠵᠤᠤ  ᠶᠠᠩ ᠽᠥᠩ ᠷᠧᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠴᠠᠢ
ᠨᠡᠶᠢᠲᠡᠯᠡᠭᠰᠡᠨ ᠴᠠᠭ᠄
2024/8/20

    8 ᠰᠠᠷ᠎ᠠ ᠶᠢᠨ 14 ᠠᠴᠠ 16 ᠤ ᠡᠳᠦᠷ ᠪᠤᠯᠲᠠᠯ᠎ᠠ᠂ ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ

ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ

ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠭᠦᠭᠡᠬᠤᠲᠠ ᠳᠤ ᠶᠠᠪᠤᠭᠳᠠᠪᠠ᠃

ᠥᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠤ  ᠳᠡᠳ᠋ ᠲᠡᠷᠢᠭᠦᠯᠡᠭᠴᠢ᠂ ᠳᠣᠲᠣᠭᠠᠳᠤ ᠶᠢ

ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ

ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃

    ᠲᠣᠰ ᠤᠳᠠᠭ᠎ᠠ ᠶᠢᠨ ᠪᠣᠯᠪᠠᠰᠤᠷᠠᠯ ᠨᠢ ︽ᠵᠠᠩᠭᠢᠯᠠᠭ᠎ᠠ ᠶᠢᠨ ᠴᠥᠭᠡᠨ ᠲᠣᠭᠠᠲᠠᠨ︾ ᠳᠤ ᠠᠩᠬᠠᠷᠤᠯ ᠢᠶᠠᠨ

ᠲᠥᠪᠯᠡᠷᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ

ᠢᠲᠡᠭᠡᠵᠦ ᠦᠢᠯᠡᠳᠦᠯᠭᠡᠵᠢᠭᠦᠯᠦᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ

ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂

ᠨᠠᠷᠢᠨ ᠪᠤᠳᠤᠯᠢᠶᠠᠨᠲᠠᠢ ᠲᠡᠮᠡᠴᠡᠯ ᠢ ᠠᠷᠭᠠᠴᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠥᠭᠡᠷᠡᠴᠢᠯᠡᠯᠲᠡ

ᠬᠢᠵᠦ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ

ᠳᠡᠭᠡᠭᠰᠢᠯᠡᠭᠦᠯᠵᠦ᠂ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ

ᠲᠠᠰᠤᠷᠠᠯᠲᠠ ᠦᠭᠡᠢ ᠡᠭᠦᠳᠬᠦ ᠪᠣᠯᠣᠨ᠎ᠠ᠃

 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号