ᠲᠦᠷᠦᠭᠦᠤ 7 ᠰᠠᠷ᠎ᠠ ᠳᠤ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠳᠪᠦᠷᠢ ᠶᠢᠨ ᠣᠯᠠᠨ ᠵᠦᠢᠯ ᠤᠨ ᠭᠦᠢᠴᠡᠳᠬᠡᠯ ᠲᠤᠭ᠎ᠠ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2024/8/20

    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠄ 2024

ᠣᠨ ᠤ 1 — 7 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ

ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠭᠰᠠᠨ ᠬᠡᠮᠵᠢᠶ᠎ᠡ

 ᠨᠢ ᠪᠥᠬᠦ ᠤᠯᠤᠰ ᠲᠠᠬᠢ ᠨᠢᠭᠡᠳᠦᠭᠡᠷ ᠪᠠᠶᠢᠷᠢ ᠪᠠᠨ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ

ᠦᠢᠯᠡᠳᠪᠦᠷᠢ ᠶᠢᠨ ᠠᠵᠤ ᠠᠬᠤᠢ ᠶᠢᠨ ᠣᠯᠠᠨ ᠵᠦᠢᠯ ᠤᠨ ᠭᠦᠢᠴᠡᠳᠬᠡᠯ ᠲᠤᠭ᠎ᠠ ᠨᠢ ᠪᠥᠬᠦ ᠤᠯᠤᠰ ᠤᠨ ᠡᠮᠦᠨ᠎ᠡ

ᠡᠩᠨᠡᠭᠡᠨ ᠳᠤ ᠣᠷᠣᠪᠠ᠃

    ᠲᠦᠭᠦᠬᠡᠢ ᠨᠡᠭᠦᠷᠡᠰᠦᠨ ᠤ ᠦᠢᠯᠡᠳᠪᠦᠷᠢᠯᠡᠯ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂

ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠢ

ᠨᠡᠭᠦᠷᠡᠰᠦᠨ ᠤ ᠭᠠᠷᠤᠯᠲᠠ ᠨᠢ 7.38 ᠳ᠋ᠦᠩᠰᠢᠭᠤᠷ ᠲᠣᠨ ᠪᠠᠶᠢᠵᠤ᠂ ᠪᠥᠬᠦ ᠤᠯᠤᠰ ᠤᠨ ᠲᠡᠷᠢᠭᠦᠨ ᠳᠤ ᠣᠷᠣᠪᠠ︔

ᠲᠦᠭᠦᠬᠡᠢ ᠨᠡᠭᠦᠷᠡᠰᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠪᠠᠨ 4.2% ᠢᠶᠠᠷ ᠨᠡᠮᠡᠭᠳᠡᠵᠦ᠂

ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ ᠪᠠᠨ 0.4 ᠵᠠᠭᠤᠨ ᠤ ᠴᠡᠭ ᠲᠦᠷᠭᠡᠳᠪᠡ᠃

ᠡᠭᠦᠨ ᠳᠤ᠂ 7 ᠳ᠋ᠤᠭᠠᠷ ᠰᠠᠷ᠎ᠠ ᠳᠤ ᠲᠦᠭᠦᠬᠡᠢ ᠨᠡᠭᠦᠷᠡᠰᠦᠨ ᠤ ᠭᠠᠷᠤᠯᠲᠠ ᠨᠢ 1.04 ᠳ᠋ᠦᠩᠰᠢᠭᠤᠷ ᠲᠣᠨ ︵ᠠᠳᠠᠯᠢ

ᠬᠤᠭᠤᠴᠠᠭᠠᠨ ᠤ ᠬᠢ ᠠᠴᠠ ᠪᠠᠨ 6.7% ᠪᠠᠷ ᠨᠡᠮᠡᠭᠳᠡᠪᠡ︶ ᠪᠠᠶᠢᠵᠤ᠂ 5 ᠰᠠᠷ᠎ᠠ ᠳᠠᠷᠠᠭᠠᠯᠠᠨ ᠳ᠋ᠦᠩᠰᠢᠭᠤᠷ

ᠲᠣᠨ ᠠᠴᠠ ᠳᠡᠭᠡᠭᠰᠢ ᠪᠠᠶᠢᠬᠤ ᠶᠢ ᠪᠠᠲᠤᠯᠠᠪᠠ᠃

    ᠭᠤᠣᠯ ᠭᠠᠷᠤᠯᠲᠠ ᠶᠢᠨ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠡᠨᠡ ᠵᠢᠯ ᠤᠨ 1 —

7 ᠳ᠋ᠤᠭᠠᠷ ᠰᠠᠷ᠎ᠠ ᠳᠤ᠂ ᠣᠷᠳᠣᠰ ᠬᠤᠲᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠢ 5.1 ᠳ᠋ᠦᠩᠰᠢᠭᠤᠷ ᠲᠣᠨ

ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ 4.7% ᠪᠠᠷ ᠨᠡᠮᠡᠭᠳᠡᠨ᠂ ᠪᠥᠬᠦ ᠣᠷᠣᠨ ᠤ ᠲᠦᠭᠦᠬᠡᠢ

ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 3.2 ᠵᠠᠭᠤᠨ ᠤ ᠴᠡᠭ ᠳᠠᠶᠢᠴᠢᠯᠠᠪᠠ︔ ᠰᠢᠯᠢ ᠶᠢᠨ ᠭᠤᠣᠯ ᠠᠶᠢᠮᠠᠭ ᠤᠨ

ᠲᠦᠭᠦᠬᠡᠢ ᠨᠡᠭᠦᠷᠡᠰᠦᠨ ᠤ ᠭᠠᠷᠤᠯᠲᠠ ᠨᠢ 0.8 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ

 ᠬᠢ ᠠᠴᠠ ᠪᠠᠨ 8.5% ᠪᠠᠷ ᠨᠡᠮᠡᠭᠳᠡᠨ᠂ ᠪᠥᠬᠦ ᠣᠷᠣᠨ ᠤ ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.

9 ᠵᠠᠭᠤᠨ ᠤ ᠴᠡᠭ ᠳᠠᠶᠢᠴᠢᠯᠠᠪᠠ᠃ ᠬᠤᠶᠠᠷ ᠠᠶᠢᠮᠠᠭ ᠬᠤᠲᠠ ᠶᠢᠨ ᠲᠦᠭᠦᠬᠡᠢ ᠨᠡᠭᠦᠷᠡᠰᠦᠨ ᠤ ᠭᠠᠷᠤᠯᠲᠠ ᠨᠡᠶᠢᠯᠡᠭᠡᠳ

ᠪᠦᠬᠦ ᠣᠷᠣᠨ ᠤ 80% ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃

    ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠡᠨᠡ ᠵᠢᠯ ᠤᠨ 1 — 7 ᠳ᠋ᠤᠭᠠᠷ ᠰᠠᠷ᠎ᠠ ᠳᠤ᠂ ᠪᠥᠬᠦ

ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ

ᠬᠡᠮᠵᠢᠶ᠎ᠡ ᠨᠢ 4620.1 ᠳ᠋ᠦᠩᠰᠢᠭᠤᠷ ᠺᠢᠯᠣᠸᠠᠲ ᠴᠠᠭ ᠪᠠᠶᠢᠵᠤ᠂ ᠪᠥᠬᠦ ᠤᠯᠤᠰ ᠤᠨ ᠲᠡᠷᠢᠭᠦᠨ ᠳᠤ ᠣᠷᠣᠵᠤ᠂

ᠠᠳᠠᠯᠢ ᠬᠤᠭᠤᠴᠠᠭᠠᠨ ᠤ ᠬᠢ ᠠᠴᠠ ᠪᠠᠨ 10.9% ᠪᠠᠷ ᠨᠡᠮᠡᠭᠳᠡᠪᠡ᠃ ᠡᠭᠦᠨ ᠳᠤ᠂ 7 ᠳ᠋ᠤᠭᠠᠷ ᠰᠠᠷ᠎ᠠ ᠶᠢᠨ ᠴᠠᠬᠢᠯᠭᠠᠨ

ᠭᠠᠷᠭᠠᠭᠰᠠᠨ ᠬᠡᠮᠵᠢᠶ᠎ᠡ 716.1 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠪᠠᠨ

6.3% ᠪᠠᠷ ᠨᠡᠮᠡᠭᠳᠡᠪᠡ᠃

    ᠭᠤᠣᠯ ᠪᠣᠯᠬᠤ ᠴᠠᠬᠢᠯᠭᠠᠨ ᠭᠠᠷᠭᠠᠭᠰᠠᠨ ᠲᠥᠷᠥᠯ ᠵᠦᠢᠯ ᠠᠴᠠ ᠦᠵᠡᠪᠡᠯ᠂ ᠡᠨᠡ ᠵᠢᠯ ᠤᠨ 1 — 7 ᠳ᠋ᠤᠭᠠᠷ

ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ

ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 3540.4 ᠳ᠋ᠦᠩᠰᠢᠭᠤᠷ ᠺᠢᠯᠣᠸᠠᠲ ᠴᠠᠭ

︵ᠠᠳᠠᠯᠢ ᠬᠤᠭᠤᠴᠠᠭᠠᠨ ᠤ ᠬᠢ ᠠᠴᠠ ᠪᠠᠨ 8.5% ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ

ᠣᠷᠣᠪᠠ︔ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 877.3 ᠳ᠋ᠦᠩᠰᠢᠭᠤᠷ ᠺᠢᠯᠣᠸᠠᠲ ᠴᠠᠭ

︵ᠠᠳᠠᠯᠢ ᠬᠤᠭᠤᠴᠠᠭᠠᠨ ᠤ ᠬᠢ ᠠᠴᠠ ᠪᠠᠨ 15.7% ᠪᠠᠷ ᠨᠡᠮᠡᠭᠳᠡᠪᠡ︶ ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ

ᠣᠷᠣᠪᠠ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠨᠢ 176.5 ᠳ᠋ᠦᠩᠰᠢᠭᠤᠷ ᠺᠢᠯᠣᠸᠠᠲ ᠴᠠᠭ

︵ᠠᠳᠠᠯᠢ ᠬᠤᠭᠤᠴᠠᠭᠠᠨ ᠤ ᠬᠢ ᠠᠴᠠ ᠪᠠᠨ 42.8% ᠪᠠᠷ ᠨᠡᠮᠡᠭᠳᠡᠪᠡ︶ ᠪᠠᠶᠢᠵᠤ᠂ ᠪᠥᠬᠦ ᠤᠯᠤᠰ ᠤᠨ

ᠬᠤᠶᠠᠳᠤᠭᠠᠷ ᠲᠤ ᠣᠷᠣᠪᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号