ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21

    ᠠᠷᠢᠭᠤᠨ ᠴᠡᠪᠡᠷ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ

ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠣᠷᠴᠢᠨ ᠲᠣᠭᠤᠷᠢᠨ ᠤ ᠠᠷᠢᠭᠤᠨ ᠴᠡᠪᠡᠷ ᠢ

ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ

    ᠠᠵᠢᠯᠯᠠᠭ᠎ᠠ ᠶᠢᠨ ᠳᠤᠮᠳᠠ ᠰᠠᠶᠢᠨ ᠳᠤᠷ᠎ᠠ ᠶᠢᠨ ᠦᠢᠯᠡᠴᠢᠯᠡᠭᠴᠢᠳ ᠬᠤᠭ ᠨᠣᠪᠰᠢ ᠶᠢᠨ ᠥᠷᠥᠯᠪᠢ ᠪᠠ ᠬᠤᠭ

ᠨᠣᠪᠰᠢ ᠶᠢᠨ ᠤᠭᠤᠲᠠ ᠪᠠᠨ ᠠᠪᠴᠤ᠂ ᠬᠠᠷᠢᠭᠤᠴᠠᠯᠭ᠎ᠠ ᠶᠢᠨ ᠣᠷᠣᠨ ᠤ ᠵᠠᠮ ᠤᠨ ᠬᠤᠶᠠᠷ ᠬᠠᠵᠠᠭᠤ ᠶᠢᠨ ᠰᠦᠯᠢᠶᠥᠦ

ᠯᠣᠩᠬᠤ᠂ ᠰᠦᠯᠢᠶᠥᠦ ᠤᠭᠤᠲᠠ᠂ ᠴᠠᠭᠠᠰᠤᠨ ᠦᠷᠦᠪᠳᠡᠰᠦ᠂ ᠬᠠᠶᠠᠭᠳᠠᠮᠠᠯ ᠪᠣᠳᠠᠰ ᠵᠡᠷᠭᠡ ᠡᠯ᠎ᠡ ᠲᠥᠷᠥᠯ ᠤᠨ ᠬᠤᠭ

ᠨᠣᠪᠰᠢ ᠶᠢ ᠨᠠᠷᠢᠨ ᠨᠢᠮᠪᠠᠢ ᠴᠡᠪᠡᠷᠯᠡᠪᠡ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠵᠠᠮ ᠤᠨ ᠬᠤᠶᠠᠷ

ᠬᠠᠵᠠᠭᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠴᠡᠪᠡᠷ ᠲᠡᠭᠰᠢ ᠪᠣᠯᠪᠠ᠃

    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ

ᠲᠣᠭᠤᠷᠢᠭ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ

ᠰᠠᠶᠢᠨ ᠳᠤᠷ᠎ᠠ ᠶᠢᠨ ᠠᠵᠢᠯᠯᠠᠭᠴᠢᠳ ᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠨᠡᠶᠢᠭᠡᠮ ᠳᠤ ᠦᠢᠯᠡᠴᠢᠯᠡᠬᠦ

ᠣᠶᠤᠨ ᠰᠠᠨᠠᠭᠠᠨ ᠤ ᠴᠢᠨᠠᠷ ᠴᠢᠨᠰᠠᠭ᠎ᠠ ᠶᠢ ᠴᠤ ᠬᠥᠮᠥᠵᠢᠭᠦᠯᠵᠡᠢ᠃ ᠲᠠᠷᠠᠭᠠᠴᠢ ᠶᠢᠨ ᠠᠯᠬᠤᠮ ᠳᠤ ᠡᠳ᠋ ᠤᠨ ᠵᠠᠰᠠᠭ ᠤᠨ

ᠲᠣᠪᠴᠢᠶ᠎ᠠ ᠣᠷᠴᠢᠨ ᠲᠣᠭᠤᠷᠢᠨ ᠢ ᠭᠤᠶᠣᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ

ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠠᠵᠢᠯᠯᠠᠭ᠎ᠠ ᠪᠠᠷ ᠦᠵᠡᠰᠬᠦᠯᠡᠩᠲᠦ ᠰᠠᠶᠢᠬᠠᠨ ᠤᠯᠠᠭᠠᠢ ᠲᠠᠯ᠎ᠠ

ᠨᠤᠲᠤᠭ ᠤᠨ ᠦᠵᠡᠮᠵᠢ ᠳᠤ ᠬᠦᠴᠦᠨ ᠨᠡᠮᠡᠷᠢᠯᠡᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号