ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠣᠷᠣᠯᠴᠠᠨ ᠣᠶᠢᠯᠠᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ | ᠣᠯᠠᠨ ᠲᠦᠮᠡᠨ ᠤ ᠬᠥᠮᠦᠵᠢᠯ ᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 19 ᠤ ᠡᠳᠦᠷ᠂ | ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠡᠭᠦᠷ ᠠᠴᠠ ᠨᠠᠢᠮᠠᠳᠤᠭᠠᠷ ᠰᠠᠷ᠎ᠠ ᠶᠢᠨ | ᠲᠥᠪᠯᠡᠷᠡᠭᠦᠯᠦᠨ ᠰᠣᠷᠣᠯᠴᠠᠬᠤ ᠠᠵᠢᠯᠯᠠᠭ᠎ᠠ ᠥᠷᠨᠢᠭᠦᠯᠵᠦ᠂ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠢᠦᠢ ᠸᠠᠨ ᠬᠠᠢ ᠲᠥᠪᠯᠡᠷᠡᠭᠦᠯᠦᠨ ᠰᠣᠷᠣᠯᠴᠠᠪᠠ᠃ | | ᠬᠤᠷᠠᠯ ᠳᠡᠭᠡᠷ᠎ᠡ᠂ ᠤᠯᠠᠨ ᠢᠶᠠᠷ ᠢᠶᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠬᠠᠮᠲᠤ ᠪᠠᠷ | ᠰᠤᠷᠤᠯᠴᠠᠪᠠ᠃ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ | ᠲᠤᠶᠢᠯ ᠤᠨ ᠴᠢᠬᠤᠯᠠ ᠬᠤᠷᠠᠯ ᠪᠣᠯᠣᠨ᠎ᠠ᠂ ᠬᠤᠶᠢᠰᠢᠳᠠ ᠶᠢᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠲᠤᠬᠠᠢ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠨ ᠰᠠᠶᠢᠲᠤᠷ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ | ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠬᠤ | ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠲᠡᠷᠡ ᠬᠡᠪ ᠢᠶᠠᠷ ᠨᠢ ᠰᠤᠷᠤᠯᠴᠠᠵᠤ᠂ ᠪᠥᠬᠦ ᠲᠠᠯ᠎ᠠ ᠪᠠᠷ ᠰᠢᠰᠲ᠋ᠧᠮ ᠲᠠᠢ | ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠣᠶᠢᠯᠠᠭᠠᠵᠤ᠂ | ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ |