ᠤᠯᠠᠭᠠᠢ ᠬᠠᠮᠢᠶᠠᠷᠤᠯᠲᠠ ᠶᠢᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠺᠢᠨᠤ᠋ ᠶᠢᠨ ᠣᠯᠠᠨ ᠲᠦᠮᠡᠨ ᠤ ᠲᠣᠭᠯᠠᠭᠴᠢ ᠶᠢᠨ ᠪᠣᠯᠪᠠᠰᠤᠷᠠᠯ ᠤᠨ ᠠᠩᠭᠢ
ᠨᠡᠶᠢᠲᠡᠯᠡᠭᠰᠡᠨ ᠴᠠᠭ᠄
2024/8/21

    ᠤᠯᠠᠭᠠᠢ ᠬᠠᠮᠢᠶᠠᠷᠤᠯᠲᠠ ᠶᠢᠨ ᠣᠷᠣᠨ ᠤ ᠠᠩᠬᠠᠳᠤᠭᠠᠷ ᠬᠤᠭᠤᠴᠠᠭᠠᠨ ᠤ ᠺᠢᠨᠣ᠋  ᠶᠢᠨ ᠣᠯᠠᠨ ᠲᠦᠮᠡᠨ ᠤ

ᠲᠣᠭᠯᠠᠭᠴᠢ ᠶᠢᠨ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠵᠦ᠂ ᠪᠡᠭᠡᠵᠢᠩ ᠤᠨ ᠺᠢᠨᠣ᠋ ᠶᠢᠨ ᠳᠡᠭᠡᠳᠦ

ᠰᠤᠷᠭᠠᠭᠤᠯᠢ ᠶᠢᠨ ᠺᠠᠨ ᠺᠤᠸᠠᠢ ᠪᠠᠭᠰᠢ ᠶᠢ ᠤᠷᠢᠨ ᠲᠤᠬᠠᠢ ᠶᠢᠨ ᠭᠠᠵᠠᠷ ᠤᠨ ᠲᠣᠭᠯᠠᠯᠳᠠ ᠳᠠᠭᠠᠨ ᠳᠤᠷᠠᠲᠠᠢ ᠣᠯᠠᠨ

ᠲᠦᠮᠡᠨ ᠤ ᠲᠣᠭᠯᠠᠭᠴᠢ ᠶᠢᠨ ᠪᠣᠯᠪᠠᠰᠤᠷᠠᠯ ᠳᠤ ᠣᠷᠣᠯᠴᠠᠭᠤᠯᠵᠤ᠂ ᠲᠤᠰᠬᠠᠢ ᠮᠡᠷᠭᠡᠵᠢᠯ ᠤᠨ ᠵᠢᠯᠣᠭᠤᠳᠤᠭᠴᠢ ᠶᠢᠨ

ᠵᠢᠯᠣᠭᠤᠳᠤᠯᠭ᠎ᠠ᠂ ᠵᠢᠪᠦᠮᠡᠯ ᠬᠡᠯᠪᠡᠷᠢ ᠪᠠᠷ ᠪᠣᠯᠪᠠᠰᠤᠷᠠᠯ ᠬᠢᠵᠦ ᠲᠣᠭᠯᠠᠭᠴᠢ ᠶᠢᠨ ᠲᠤᠰᠬᠠᠢ ᠮᠡᠷᠭᠡᠵᠢᠯ ᠤᠨ ᠰᠠᠭᠤᠷᠢ

ᠴᠢᠳᠠᠪᠤᠷᠢ ᠪᠠ ᠤᠷᠠᠯᠢᠭ ᠤᠨ ᠬᠡᠪ ᠪᠣᠯᠪᠠᠰᠤᠷᠠᠯ ᠢ ᠲᠡᠭᠡᠭᠰᠢᠯᠡᠬᠦᠯᠵᠣ᠂ ᠺᠢᠨᠣ᠋ ᠲᠧᠯᠸᠢᠰ ᠤᠨ ᠰᠡᠭᠦᠳᠡᠷᠯᠡᠬᠦ

ᠦᠢᠯᠡᠴᠢᠯᠡᠭᠡᠨ ᠤ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠪᠠᠷ ᠪᠣᠢ᠃ ᠲᠣᠰ ᠤᠳᠠᠭᠠᠨ ᠤ ᠪᠣᠯᠪᠠᠰᠤᠷᠠᠯ ᠳᠤ

ᠨᠡᠶᠢᠲᠡ 140 ᠭᠠᠷᠤᠢ ᠲᠣᠭᠯᠠᠭᠴᠢᠳ ᠤᠨ ᠣᠷᠣᠯᠴᠠᠵᠠᠢ᠃

    ᠪᠣᠯᠪᠠᠰᠤᠷᠠᠯ ᠤᠨ ᠠᠩᠭᠢ ᠨᠢ ︽ᠲᠤᠰᠬᠠᠢ ᠮᠡᠷᠭᠡᠵᠢᠯ ᠤᠨ ᠣᠨᠣᠯ ᠤᠨ ᠦᠢᠯᠡᠳᠦᠯᠭᠡ ᠶᠢᠨ ᠵᠢᠯᠣᠭᠤᠳᠤᠮᠵᠢ︾ ᠶᠢ

ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠰᠠᠭᠤᠷᠢ ᠤᠷ᠎ᠠ ᠴᠢᠳᠠᠪᠤᠷᠢ᠂ ᠲᠠᠶᠢᠰᠠᠨ ᠤ ᠲᠣᠭᠯᠠᠯᠲᠠ

ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ  ᠂  ᠲᠠᠶᠢᠯᠤᠮᠵᠢ  ᠪᠠ ᠲᠤᠬᠠᠢ ᠶᠢᠨ ᠲᠠᠯᠠᠪᠤᠷ ᠲᠤ

ᠪᠡᠶ᠎ᠡ ᠪᠠᠷ ᠢᠶᠠᠨ ᠮᠡᠳᠡᠷᠡᠵᠦ᠂ ᠣᠯᠠᠨ ᠲᠠᠯ᠎ᠠ᠂ ᠣᠯᠠᠨ ᠲᠠᠯ᠎ᠠ ᠠᠴᠠ ᠣᠯᠠᠨ ᠢ ᠳᠠᠭᠠᠭᠤᠯᠤᠨ ᠺᠢᠨᠣ᠋ ᠲᠧᠯᠸᠢᠰ ᠢ ᠲᠠᠨᠢᠵᠤ

ᠣᠶᠢᠯᠠᠭᠠᠨ᠂ ᠡᠭᠦᠨ ᠤ ᠤᠯᠠᠮ ᠢᠶᠠᠷ ᠲᠣᠭᠯᠠᠬᠤ ᠮᠡᠷᠭᠡᠵᠢᠯ ᠤᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠳᠦᠷᠢ

ᠲᠥᠷᠬᠦ ᠶᠢᠨ ᠰᠡᠳᠬᠢᠯᠭᠡ ᠪᠠ ᠣᠨᠴᠠᠯᠢᠭ ᠢ ᠨᠠᠩ ᠰᠠᠶᠢᠲᠤᠷ ᠢᠯᠡᠷᠡᠭᠦᠯᠵᠡᠢ᠃ ᠲᠠᠷᠠᠭᠠᠴᠢ ᠶᠢᠨ ᠠᠯᠬᠤᠮ ᠳᠤ᠂ ᠤᠯᠠᠭᠠᠢ

ᠬᠠᠮᠢᠶᠠᠷᠤᠯᠲᠠ ᠶᠢᠨ ᠣᠷᠣᠨ ᠣᠯᠠᠨ ᠲᠦᠮᠡᠨ ᠤ ᠲᠣᠭᠯᠠᠭᠴᠢ ᠶᠢᠨ ᠪᠣᠯᠪᠠᠰᠤᠷᠠᠯ ᠢ ᠪᠥᠬᠦ ᠲᠠᠯ᠎ᠠ ᠪᠠᠷ ᠥᠷᠨᠢᠭᠦᠯᠵᠦ᠂

ᠡᠯ᠎ᠡ ᠲᠥᠷᠥᠯ ᠤᠨ ᠺᠢᠨᠣ᠋ ᠲᠧᠯᠸᠢᠰ ᠵᠦᠴᠦᠭᠡ ᠶᠢᠨ ᠳᠤᠭᠤᠶᠢᠯᠠᠩ ᠳᠤ ᠰᠢᠯᠢᠳᠡᠭ ᠣᠯᠠᠨ ᠲᠦᠮᠡᠨ ᠤ ᠦᠢᠯᠡᠴᠢᠯᠡᠭᠡ

ᠬᠠᠩᠭᠠᠵᠤ᠂ ᠤᠯᠠᠭᠠᠢ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠳᠤ ᠳᠠᠬᠢᠨ ᠨᠢᠭᠡ ᠬᠤᠪᠢ

ᠬᠦᠴᠦᠨ ᠨᠡᠮᠡᠷᠢᠯᠡᠨ᠎ᠡ

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号