ᠤᠯᠠᠭᠠᠢ ᠬᠠᠮᠢᠶᠠᠷᠤᠯᠲᠠ ᠶᠢᠨ ᠣᠷᠣᠨ ᠤ ᠪᠢᠩᠲ᠋ᠤᠸᠠᠨ ᠳᠤᠷᠠᠰᠬᠠᠯ ᠤᠨ ᠣᠷᠳᠣᠨ ᠬᠤᠪᠢᠰᠬᠠᠯ ᠤᠨ ᠰᠤᠷᠤᠯᠴᠠᠯᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/8/21

    ᠪᠢᠩᠲ᠋ᠤᠸᠠᠨ ᠤ ᠳᠤᠷᠠᠰᠤᠮᠵᠢ ᠶᠢᠨ ᠣᠷᠳᠣᠨ‌‍ᠳᠤ ᠨᠢᠭᠡᠨ ᠲᠣᠮᠣ ᠬᠡᠯᠪᠡᠷᠢ ᠶᠢᠨ ᠱᠤᠭᠤᠮᠠᠯ ᠰᠡᠬᠦᠶᠢᠨ

ᠰᠦᠨᠳᠡᠷᠯᠡᠵᠦ᠂ ᠲᠡᠷᠡ ᠰᠦᠷ ᠵᠢᠪᠬᠤᠯᠠᠩᠲᠤ ᠣᠪᠣᠷ ᠪᠠᠶᠢᠳᠠᠯ ᠢᠶᠠᠷ ᠢᠶᠠᠨ ᠪᠢᠩᠲ᠋ᠤᠸᠠᠨ ᠤ ᠪᠠᠶᠢᠯᠳᠤᠭᠴᠢᠳ ᠤᠨ

ᠪᠠᠭᠠᠲᠤᠷᠯᠢᠭ ᠵᠣᠷᠢᠭ ᠰᠠᠨᠠᠭ᠎ᠠ ᠪᠠ ᠬᠠᠳᠠᠨ ᠵᠣᠷᠢᠭ ᠢ ᠠᠮᠢᠳᠤᠯᠢᠭ ᠢᠶᠠᠷ ᠢᠯᠡᠷᠡᠭᠦᠯᠵᠦ᠂ ᠱᠤᠭᠤᠮᠠᠯ ᠳᠣᠣᠷ᠎ᠠ ᠨᠢ

︽ᠦᠢᠯᠡᠰ ᠪᠣᠰᠬᠠᠭᠰᠠᠨ ᠲᠡᠦᠬᠡ ᠶᠢᠨ ᠤᠯᠠᠮᠵᠢᠯᠠᠯ ᠤᠨ ᠴᠡᠷᠢᠭ ᠤᠨ ᠬᠤᠷᠢᠶᠠᠨ ᠤ ᠵᠣᠷᠢᠭ ᠰᠠᠨᠠᠭ᠎ᠠ ᠶᠢ ᠪᠠᠲᠤ

ᠴᠡᠭᠡᠵᠢᠯᠡᠶ᠎ᠡ︾ ᠭᠡᠬᠦ ᠰᠡᠶᠢᠯᠦᠮᠡᠯ ᠨᠢ ᠨᠡᠩ ᠴᠤ ᠰᠡᠳᠬᠢᠯ ᠵᠢᠷᠦᠬᠡᠨ ᠳᠤ ᠰᠢᠭᠤᠳ ᠣᠷᠣᠵᠤ᠂ ᠬᠥᠮᠥᠰ ᠲᠤ ᠭᠱᠠᠨ

ᠵᠠᠭᠤᠷ᠎ᠠ ᠳᠤ ᠲᠡᠷᠡᠬᠦ ᠬᠦᠨᠳᠦ ᠨᠦᠰᠡᠷ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠶᠢ ᠮᠡᠳᠡᠷᠡᠭᠦᠯᠪᠡ᠃ ᠮᠦᠽᠧᠢ ᠶᠢᠨ

ᠳᠣᠲᠣᠷᠠᠬᠢ ᠨᠠᠷᠢᠨ ᠵᠦᠢᠯᠡᠰ ᠨᠢᠭᠡᠪᠦᠷᠢ ᠶᠢ ᠨᠠᠷᠢᠨ ᠨᠢᠮᠪᠠᠢ ᠪᠠᠶᠢᠷᠢᠯᠠᠭᠤᠯᠬᠤ ᠪᠠᠷ ᠲᠠᠮᠵᠢᠨ᠂ ᠤᠤᠯ ᠤᠨ ᠠᠮᠢᠳᠤᠷᠠᠯ ᠤᠨ

ᠪᠠᠶᠢᠳᠠᠯ ᠠᠴᠠ ᠪᠢᠩᠲ᠋ᠤᠸᠠᠨ ᠤ ᠪᠠᠶᠢᠯᠳᠤᠭᠴᠢᠳ ᠤᠨ ᠭᠡᠷᠡᠯ ᠵᠢᠷᠤᠭ ᠤᠨ ᠬᠡᠷᠡᠮ ᠬᠦᠷᠲᠡᠯ᠎ᠡ᠂ ᠪᠢᠩᠲ᠋ᠤᠸᠠᠨ ᠤ

ᠦᠯᠢᠭᠡᠷ ᠠᠴᠠ ᠬᠤᠪᠣᠷ ᠨᠠᠨᠳᠢᠨ ᠬᠠᠭᠤᠴᠢᠨ ᠡᠳ᠋ ᠬᠦᠷᠲᠡᠯ᠎ᠡ ᠬᠡᠳᠦᠨ ᠦᠶ᠎ᠡ ᠶᠢᠨ ᠪᠢᠩᠲ᠋ᠤᠸᠠᠨ ᠤ ᠬᠥᠮᠥᠰ ᠤᠨ ᠬᠢᠯᠢ

ᠬᠢᠵᠠᠭᠠᠷ ᠲᠤ ᠦᠨᠳᠦᠰᠦᠯᠡᠭᠰᠡᠨ᠂ ᠬᠠᠷᠠᠮ ᠦᠭᠡᠢ ᠵᠢᠳᠬᠦᠭᠰᠡᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠬᠤ ᠴᠤ

ᠦᠭᠡᠢ ᠪᠠᠶᠢᠵᠤ᠂ ᠲᠡᠳᠡᠨ ᠤ ᠬᠢᠯᠢ ᠬᠢᠵᠠᠭᠠᠷ ᠢ ᠪᠦᠲᠦᠭᠡᠨ ᠪᠠᠶᠢᠭᠤᠯᠬᠤ᠂ ᠬᠢᠯᠢ ᠬᠢᠵᠠᠭᠠᠷ ᠢ ᠬᠠᠮᠠᠭᠠᠯᠠᠬᠤ ᠡᠷᠬᠢᠮ

ᠳᠡᠭᠡᠳᠦ ᠬᠦᠰᠡᠯᠡᠩ ᠪᠣᠯᠣᠨ ᠡᠷᠡᠰ ᠪᠠᠲᠤ ᠢᠲᠡᠭᠡᠯ ᠪᠢᠰᠢᠷᠡᠯ ᠢ ᠬᠠᠷᠠᠭᠤᠯᠵᠤ ᠪᠠᠶᠢᠨ᠎ᠠ᠃

    ᠪᠢᠩᠲ᠋ᠤᠸᠠᠨ ᠤ ᠳᠤᠷᠠᠰᠤᠮᠵᠢ ᠶᠢᠨ ᠣᠷᠳᠣᠨ ᠠᠴᠠ ᠭᠠᠳᠠᠨ᠎ᠠ᠂ ᠪᠢᠩᠲ᠋ᠤᠸᠠᠨ ᠤ ᠰᠣᠶᠣᠯ ᠤᠨ ᠬᠦᠷᠢᠶᠡᠯᠡᠩ ᠳᠤ

ᠪᠠᠰᠠ ᠬᠤᠪᠢᠰᠬᠠᠯ ᠤᠨ ᠦᠯᠢᠭᠡᠷ ᠴᠤᠭᠯᠠᠭᠤᠯᠬᠤ ᠦᠵᠡᠭᠦᠯᠭᠡ ᠶᠢᠨ ᠲᠢᠩᠬᠢᠮ᠂ ᠤᠰᠤᠨ ᠤ ᠠᠮᠢ ᠠᠬᠤᠢ ᠶᠢᠨ

ᠦᠵᠡᠭᠦᠯᠦᠯᠭᠡ ᠶᠢᠨ ᠲᠢᠩᠬᠢᠮ᠂ ᠠᠮᠤ ᠪᠤᠳᠠᠭᠠᠨ ᠤ ᠠᠮᠤᠷ ᠲᠦᠪᠰᠢᠨ ᠤ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂

ᠰᠡᠬᠡᠭᠡᠲᠡᠳ ᠤᠨ ᠠᠮᠢᠳᠤᠷᠠᠯ ᠢ ᠣᠶᠢᠯᠠᠭᠠᠬᠤ ᠬᠦᠷᠢᠶᠡᠯᠡᠩ᠂ ᠲᠠᠯ᠎ᠠ ᠨᠤᠲᠤᠭ ᠤᠨ ᠴᠢᠨ᠋ᠸ᠎ᠠ ᠰᠢᠨᠵᠢᠯᠡᠬᠦ ᠤᠬᠠᠭᠠᠨ ᠢ

ᠲᠦᠭᠡᠮᠡᠯᠵᠢᠭᠦᠯᠬᠦ ᠣᠷᠳᠣᠨ ᠵᠡᠷᠭᠡ ᠵᠢᠷᠭᠤᠭᠠᠨ ᠶᠡᠭᠡ ᠦᠵᠡᠰᠬᠦᠯᠡᠩ ᠤᠨ ᠣᠷᠳᠣᠨ ᠤ ᠦᠵᠡᠭᠦᠯᠦᠯᠭᠡ ᠶᠢᠨ ᠲᠢᠩᠬᠢᠮ ᠢ

ᠨᠠᠷᠢᠨ ᠨᠢᠮᠪᠠᠢ ᠪᠠᠶᠢᠭᠤᠯᠵᠤ᠂ ᠲᠡᠳᠡ ᠲᠤᠰ ᠲᠤᠰ ᠪᠡᠶ᠎ᠡ ᠪᠠᠨ ᠳᠠᠭᠠᠭᠠᠭᠰᠠᠨ ᠪᠥᠭᠡᠳ ᠬᠠᠷᠢᠯᠴᠠᠨ ᠠᠪᠴᠠᠯᠳᠤᠭᠤᠯᠵᠤ᠂

ᠪᠢᠩᠲ᠋ᠤᠸᠠᠨ ᠤ ᠲᠡᠦᠬᠡ ᠪᠠ ᠰᠣᠶᠣᠯ ᠤᠨ ᠪᠣᠰᠤᠭ᠎ᠠ ᠴᠣᠭᠴᠠᠲᠤ ᠣᠷᠣᠨ ᠵᠠᠢ ᠶᠢ ᠪᠦᠬᠦ ᠲᠠᠯ᠎ᠠ ᠶᠢᠨ᠂ ᠤᠯᠠᠨ

ᠬᠠᠷᠠᠭᠠᠰᠤ ᠠᠴᠠ ᠳᠡᠯᠭᠡᠨ ᠦᠵᠡᠭᠦᠯᠦᠭᠰᠡᠨ ᠪᠠᠶᠢᠨ᠎ᠠ᠃ ᠣᠯᠠᠨ ᠵᠠᠭᠤᠴᠢ᠂  ᠪᠡᠶᠡᠴᠢᠯᠡᠨ ᠣᠶᠢᠯᠠᠭᠠᠬᠤ᠂ ᠵᠢᠷᠤᠭ ᠵᠢᠷᠤᠬᠤ᠂

ᠤᠷᠠᠯᠢᠭ ᠤᠨ ᠳᠦᠷᠢ ᠦᠵᠡᠭᠦᠯᠬᠦ᠂ ᠠᠬᠤᠢ ᠪᠠᠶᠢᠳᠠᠯ ᠢ ᠰᠡᠷᠭᠦᠭᠡᠬᠦ ᠵᠡᠷᠭᠡ ᠣᠯᠠᠨ ᠵᠦᠢᠯ ᠤᠨ ᠣᠳᠣ ᠦᠶ᠎ᠡ ᠶᠢᠨ

ᠳᠡᠯᠭᠡᠨ ᠦᠵᠡᠭᠦᠯᠬᠦ ᠠᠷᠭ᠎ᠠ ᠪᠠᠷᠢᠯ ᠢᠶᠠᠷ ᠳᠠᠮᠵᠢᠭᠤᠯᠤᠨ᠂ ᠪᠢᠩᠲ᠋ᠤᠸᠠᠨ ᠤ ᠪᠠᠶᠢᠯᠳᠤᠭᠴᠢᠳ ᠤᠯᠠᠭᠠᠢ ᠭᠠᠵᠠᠷ ᠳᠡᠭᠡᠷᠡᠬᠢ

ᠲᠡᠰᠪᠦᠷᠢ ᠬᠠᠲᠠᠭᠤᠵᠢᠯᠲᠠᠢ ᠲᠡᠮᠡᠴᠡᠭᠰᠡᠨ᠂ ᠬᠠᠷᠠᠮ ᠦᠭᠡᠢ ᠵᠢᠳᠬᠦᠭᠰᠡᠨ ᠢᠷᠠᠭᠤ ᠭᠠᠶᠢᠬᠠᠮᠰᠢᠭᠲᠤ ᠬᠠᠭᠤᠳᠠᠰᠤ ᠶᠢ

ᠳᠠᠬᠢᠨᠲᠠ ᠢᠯᠡᠷᠡᠭᠦᠯᠵᠦ᠂ ᠲᠣᠭᠤᠷᠢᠨ ᠦᠵᠡᠭᠴᠢᠳ ᠲᠤ ᠥᠩᠭᠡᠷᠡᠭᠰᠡᠨ ᠤ ᠳᠣᠩᠰᠣᠯᠤᠯᠲᠠ ᠪᠠ ᠳᠣᠭᠳᠣᠯᠤᠯ

ᠲᠥᠷᠥᠭᠳᠡᠯ ᠢ ᠨᠢ ᠮᠡᠳᠡᠷᠡᠭᠦᠯᠪᠡ᠃

    ᠣᠶᠢᠷ᠎ᠠ ᠶᠢᠨ ᠵᠢᠯ ᠠᠴᠠ ᠤᠯᠠᠭᠠᠢ ᠬᠠᠮᠢᠶᠠᠷᠤᠯᠲᠠ ᠶᠢᠨ ᠣᠷᠣᠨ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ

ᠢᠳᠡᠪᠬᠢᠲᠡᠢ ᠠᠭᠤᠳᠠᠯᠯᠠᠨ᠂ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ ᠢᠶᠠᠨ ᠪᠠᠳᠠᠷᠠᠭᠤᠯᠵᠤ᠂

ᠬᠤᠪᠢᠰᠬᠠᠯᠲᠤ ᠰᠤᠳᠤᠯᠭᠠᠨ ᠰᠤᠷᠤᠯᠴᠠᠯᠭ᠎ᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠂ ᠬᠥᠮᠥᠰ ᠲᠤ

ᠪᠠᠶᠢᠭᠠᠯᠢ ᠶᠢᠨ ᠰᠠᠶᠢᠬᠠᠨ ᠦᠵᠡᠮᠵᠢ ᠶᠢ ᠡᠳ᠋ᠯᠡᠬᠦ ᠶᠢᠨ ᠬᠠᠮᠲᠤ ᠬᠤᠪᠢᠰᠬᠠᠯᠲᠤ ᠵᠣᠷᠢᠭ ᠰᠠᠨᠠᠭᠠᠨ ᠤ ᠳᠠᠪᠲᠠᠯᠲᠠ ᠶᠢ

ᠬᠦᠷᠲᠡᠭᠡᠵᠡᠢ᠃ 2024 ᠣᠨ ᠳᠤ ᠪᠢᠩᠲ᠋ᠤᠸᠠᠨ ᠤ ᠰᠣᠶᠣᠯ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ᠂

ᠠᠶᠢᠮᠠᠭ᠂ ᠡᠷᠬᠢᠨ ᠲᠣᠭᠤᠷᠢᠨ ᠤ ᠬᠤᠰᠢᠭᠤ ᠰᠢᠶᠠᠨ᠂ ᠬᠠᠮᠢᠶᠠᠷᠤᠯᠲᠠ ᠶᠢᠨ ᠲᠣᠭᠤᠷᠢᠭ ᠤᠨ ᠡᠯ᠎ᠡ ᠨᠢᠭᠡᠴᠡ ᠵᠡᠷᠭᠡ ᠡᠯ᠎ᠡ

ᠲᠥᠷᠥᠯ ᠤᠨ ᠲᠣᠭᠤᠷᠢᠨ ᠦᠵᠡᠬᠦ ᠬᠥᠮᠥᠨ ᠨᠡᠶᠢᠲᠡ 211 ᠪᠦᠯᠦᠭ ᠤᠳᠠᠭ᠎ᠠ 3600 ᠭᠠᠷᠤᠢ ᠬᠥᠮᠥᠨ᠂

ᠬᠤᠪᠢᠰᠬᠠᠯ ᠤᠨ ᠳᠤᠷᠠᠰᠬᠠᠯᠲᠤ ᠰᠤᠳᠤᠯᠤᠨ ᠰᠤᠷᠤᠯᠴᠠᠬᠤ ᠵᠢᠭᠤᠯᠴᠢᠯᠠᠯ ᠢ 10 ᠭᠠᠷᠤᠢ ᠲᠠᠯᠠᠪᠤᠷ ᠤᠳᠠᠭ᠎ᠠ᠂ 1000

ᠭᠠᠷᠤᠢ ᠬᠥᠮᠥᠨ ᠢ ᠭᠥᠯᠢᠶᠡᠨ ᠠᠪᠴᠤ᠂ ᠵᠤᠭᠠᠴᠠᠭᠰᠠᠳ ᠤᠨ ᠲᠤᠭ᠎ᠠ 13400 ᠭᠠᠷᠤᠢ ᠬᠥᠮᠥᠨ ᠳᠤ ᠬᠦᠷᠴᠡᠢ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号