ᠰᠢᠯᠢ ᠶᠢᠨ ᠭᠤᠣᠯ ᠤᠨ ᠲᠠᠯ᠎ᠠ ᠨᠤᠲᠤᠭ ᠬᠠᠳᠤᠯᠠᠩ ᠳᠤ ᠣᠷᠣᠪᠠ
ᠨᠡᠶᠢᠲᠡᠯᠡᠭᠰᠡᠨ ᠴᠠᠭ᠄
2024/8/21

    ᠰᠢᠯᠢ ᠶᠢᠨ ᠭᠤᠣᠯ ᠠᠶᠢᠮᠠᠭ 8 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠡᠪᠡᠰᠦ ᠬᠠᠳᠤᠬᠤ ᠠᠵᠢᠯ

ᠬᠢᠵᠦ᠂ ᠪᠥᠬᠦ ᠠᠶᠢᠮᠠᠭ ᠤᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠡᠪᠡᠰᠦᠨ ᠤ

ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃

    ᠤᠯᠠᠭᠠᠢ ᠬᠠᠮᠢᠶᠠᠷᠤᠯᠲᠠ ᠶᠢᠨ ᠣᠷᠣᠨ ᠤ ᠬᠠᠯᠠᠭᠠᠶᠢᠲᠤ ᠮᠠᠯᠵᠢᠯ ᠤᠨ ᠲᠠᠯᠠᠪᠠᠶ ᠶᠢᠨ ᠮᠠᠯᠵᠢᠬᠤ ᠡᠷᠦᠬᠡ ᠯᠢ ᠴᠠᠩ

ᠴᠢᠩ ᠤᠨ ᠨᠤᠲᠤᠭ ᠪᠡᠯᠴᠢᠭᠡᠷ ᠳᠡᠭᠡᠷ᠎ᠡ ᠡᠪᠡᠰᠦ ᠬᠠᠳᠤᠬᠤ ᠮᠠᠰᠢᠨ ᠶᠠᠭ ᠡᠮᠬᠢ ᠵᠢᠷᠤᠮ ᠲᠠᠢ ᠠᠵᠢᠯᠯᠠᠵᠤ ᠪᠠᠶᠢᠨ᠎ᠠ᠃

    ᠡᠨᠡ ᠵᠢᠯ᠂ ᠵᠢᠱᠢᠯᠲᠡ ᠪᠠᠷ ᠪᠥᠬᠦ ᠠᠶᠢᠮᠠᠭ ᠤᠨ 1500 ᠲᠦᠮᠡᠨ ᠮᠦ ᠣᠷᠴᠢᠮ ᠤᠨ ᠬᠠᠳᠤᠯᠠᠩ ᠪᠡᠯᠴᠢᠭᠡᠷ ᠤᠨ

ᠬᠠᠳᠤᠯᠠᠩ ᠤᠨ ᠬᠤᠭᠤᠴᠠᠭᠠᠨ ᠳᠤ ᠣᠷᠣᠵᠤ᠂ ᠬᠠᠳᠤᠯᠠᠩ ᠢ 10 ᠰᠠᠷ᠎ᠠ ᠶᠢᠨ ᠳᠤᠮᠳᠠᠴᠢ ᠣᠷᠴᠢᠮ ᠪᠣᠯᠲᠠᠯ᠎ᠠ

ᠦᠷᠭᠦᠯᠵᠢᠯᠡᠭᠦᠯᠬᠦ ᠪᠣᠯᠣᠨ᠎ᠠ᠃ ᠰᠢᠯᠢ ᠶᠢᠨ ᠭᠤᠣᠯ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ

︽ᠨᠤᠲᠤᠭ ᠪᠡᠯᠴᠢᠭᠡᠷ ᠤᠨ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠠᠵᠢᠯ ᠤᠨ ᠲᠤᠬᠠᠢ ᠮᠡᠳᠡᠭᠳᠡᠯ︾ ᠢ

ᠨᠡᠶᠢᠲᠡᠯᠡᠵᠦ᠂ ᠬᠠᠳᠤᠵᠤ ᠬᠤᠷᠢᠶᠠᠬᠤ ᠴᠠᠭ ᠢ ᠴᠢᠩᠳᠠᠯᠠᠨ᠂ ᠡᠭᠡᠯᠵᠢᠯᠡᠨ ᠬᠠᠳᠤᠬᠤ ᠳᠦᠷᠢᠮ ᠢ ᠬᠡᠷᠡᠭᠵᠢᠭᠦᠯᠵᠦ᠂ ᠡᠯ᠎ᠡ

ᠬᠤᠰᠢᠭᠤ ᠰᠢᠶᠠᠨ ᠬᠤᠲᠠ ︵ᠣᠷᠣᠨ︶ ᠨᠢ ᠡᠯ᠎ᠡ ᠭᠠᠵᠠᠷ ᠤᠨ ᠨᠤᠲᠤᠭ ᠪᠡᠯᠴᠢᠭᠡᠷ ᠤᠨ ᠪᠠᠶᠢᠳᠠᠯ ᠢ ᠦᠨᠳᠦᠰᠦᠯᠡᠨ᠂

2024 ᠣᠨ ᠤ ᠨᠠᠮᠤᠷ ᠤᠨ ᠤᠯᠠᠷᠢᠯ ᠤᠨ ᠡᠪᠡᠰᠦ ᠬᠠᠳᠤᠵᠤ ᠨᠥᠭᠡᠴᠡᠯᠡᠬᠦ ᠬᠠᠮᠢᠶᠠᠷᠤᠯᠲᠠ ᠶᠢᠨ ᠠᠵᠢᠯ ᠤᠨ ᠠᠯᠪᠠᠨ

ᠵᠠᠷ ᠢ ᠨᠡᠶᠢᠲᠡᠯᠡᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠠ ᠡᠪᠡᠰᠦᠨ ᠤ  

ᠦᠢᠯᠡᠰ ᠤᠨ ᠴᠢᠨᠠᠷ  ᠰᠠᠶᠢᠲᠠᠢ  ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠶᠢᠭᠠᠯᠢ ᠶᠢᠨ ᠡᠪᠡᠰᠦ

ᠬᠠᠳᠤᠬᠤ ᠲᠠᠯᠠᠪᠠᠶ ᠶᠢᠨ  ᠥᠨᠢᠳᠡ  ᠦᠷᠭᠦᠯᠵᠢᠯᠡᠨ ᠠᠰᠢᠭᠯᠠᠬᠤ᠂ ᠮᠠᠯ ᠠᠵᠤ ᠠᠬᠤᠢ ᠶᠢᠨ ᠦᠷᠭᠦᠯᠵᠢᠯᠡᠨ ᠬᠥᠭᠵᠢᠬᠦ

ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号