ᠥᠪᠥᠷ ᠮᠣᠩᠭᠤᠯ 3.71 ᠳ᠋ᠦᠩᠰᠢᠭᠤᠷ ᠲᠥᠭᠦᠷᠢᠭ ᠢᠶᠠᠷ ︽ᠬᠤᠶᠠᠷ ᠲᠥᠯᠥᠪᠯᠡᠭᠡ︾ ᠶᠢᠨ ᠬᠡᠷᠡᠭᠵᠢᠭᠦᠯᠦᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/8/21

    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠄ 2024

ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ︵ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠣᠴᠢᠭᠤᠯᠤᠨ ᠰᠤᠷᠭᠠᠨ ᠬᠥᠮᠦᠵᠢᠯ ᠢ ᠳᠡᠮᠵᠢᠬᠦ᠂

ᠲᠠᠷᠢᠶᠠᠯᠠᠩ ᠢ ᠳᠡᠮᠵᠢᠬᠦ᠂ ᠡᠮᠴᠢᠯᠡᠭᠡ ᠶᠢ ᠳᠡᠮᠵᠢᠬᠦ ᠪᠠ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ

ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡᠨ ᠤ ᠨᠢᠭᠡ ᠵᠦᠢᠯ ᠤᠨ ᠲᠥᠷᠥ ᠶᠢᠨ ᠪᠣᠳᠣᠯᠭ᠎ᠠ︶ ᠶᠢᠨ ᠨᠥᠬᠦᠪᠦᠷᠢ ᠶᠢᠨ

ᠪᠡᠯᠡ ᠮᠥᠩᠭᠦ ᠶᠢ 1.67 ᠳ᠋ᠦᠩᠰᠢᠭᠤᠷ ᠲᠥᠭᠦᠷᠢᠭ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ

ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠨᠥᠬᠦᠪᠦᠷᠢ ᠶᠢᠨ ᠪᠡᠯᠡ ᠮᠥᠩᠭᠦ 2.04

ᠳ᠋ᠦᠩᠰᠢᠭᠤᠷ ᠲᠥᠭᠦᠷᠢᠭ ᠪᠠᠭᠤᠯᠭᠠᠵᠤ᠂ ︽ᠬᠤᠶᠠᠷ ᠲᠥᠯᠥᠪᠯᠡᠭᠡ︾ ᠶᠢᠨ ᠠᠵᠢᠯ ᠳᠤ ᠣᠷᠣᠯᠴᠠᠵᠤ ᠪᠠᠶᠢᠭ᠎ᠠ

ᠬᠥᠮᠥᠰ ᠲᠤ ᠴᠠᠭ ᠲᠤᠬᠠᠢ ᠳᠤ ᠨᠢ  ᠲᠤᠭ᠎ᠠ ᠶᠣᠰᠣᠭᠠᠷ ᠠᠵᠢᠯ ᠠᠮᠢᠳᠤᠷᠠᠯ ᠤᠨ ᠨᠥᠬᠦᠪᠦᠷᠢ᠂ ᠠᠶᠢᠯ ᠡᠷᠦᠬᠡ ᠪᠠᠨ

ᠲᠥᠪᠬᠢᠨᠡᠭᠦᠯᠬᠦ ᠰᠦᠢᠳᠬᠡᠯ ᠣᠯᠭᠤᠬᠤ ᠵᠢᠴᠢ ᠨᠡᠶᠢᠭᠡᠮ ᠤᠨ ᠳᠠᠭᠠᠳᠬᠠᠯ ᠲᠤᠰᠢᠶᠠᠬᠤ ᠶᠢ ᠨᠢ ᠪᠠᠲᠤᠯᠠᠪᠠ᠃ 2024

ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ︾

 ᠳᠤ ᠣᠷᠣᠯᠴᠠᠭᠰᠠᠳ ᠤᠨ ᠠᠵᠢᠯ ᠠᠮᠢᠳᠤᠷᠠᠯ ᠤᠨ ᠨᠥᠬᠦᠪᠦᠷᠢ ᠶᠢ ᠬᠥᠮᠥᠨ ᠪᠦᠷᠢ ᠰᠠᠷ᠎ᠠ ᠳᠤ 3650 ᠲᠥᠭᠦᠷᠢᠭ

ᠪᠣᠯᠲᠠᠯ᠎ᠠ ᠳᠡᠭᠡᠭᠰᠢᠯᠡᠭᠦᠯᠪᠡ᠃

    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ  ᠪᠦᠬᠦᠢ ᠠᠵᠢᠯ ᠤᠨ  ᠪᠠᠶᠢᠷᠢᠯᠠᠭᠤᠯᠤᠯᠲᠠ ᠶᠢ  

ᠲᠤᠭᠤᠰᠢᠯᠠᠭᠤᠯᠤᠨ  ᠨᠠᠶᠢᠳᠠᠪᠤᠷᠢᠵᠢᠭᠤᠯᠬᠤ  ᠶᠢᠨ  ᠲᠤᠰᠠᠳᠠ᠂ 2024 ᠣᠨ ᠳᠤ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ︽ᠭᠤᠷᠪᠠ ᠶᠢ ᠳᠡᠮᠵᠢᠵᠦ ᠨᠢᠭᠡ ᠶᠢ

ᠲᠡᠳᠬᠦᠬᠦ︾ ᠲᠥᠯᠥᠪᠯᠡᠭᠡ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ

ᠦᠢᠯᠡᠴᠢᠯᠡᠭᠡᠨ ᠤ ᠲᠥᠯᠥᠪᠯᠡᠭᠡ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠪᠡ᠃ 2024 ᠣᠨ ᠳᠤ᠂

ᠥᠪᠡᠷᠲᠡᠭᠡᠨ ᠵᠠᠰᠠᠬᠤ ᠣᠷᠣᠨ ︽ᠬᠤᠶᠠᠷ ᠲᠥᠯᠥᠪᠯᠡᠭᠡ︾ ᠳᠤ ᠣᠷᠣᠯᠴᠠᠭᠰᠠᠳ ᠢ 7700 ᠬᠥᠮᠥᠨ ᠡᠯᠰᠡᠬᠦ ᠪᠠᠷ

ᠲᠥᠯᠥᠪᠯᠡᠵᠦ᠂ ᠳᠡᠭᠡᠷ᠎ᠡ ᠵᠢᠯ ᠤᠨ ᠬᠢ ᠠᠴᠠ 200 ᠬᠥᠮᠥᠨ ᠨᠡᠮᠡᠭᠳᠡᠭᠦᠯᠪᠡ᠃ ᠡᠭᠦᠨ ᠳᠤ ︽ᠭᠤᠷᠪᠠ ᠶᠢ ᠳᠡᠮᠵᠢᠵᠦ

ᠨᠢᠭᠡ ᠶᠢ ᠲᠡᠳᠬᠦᠬᠦ︾ ᠲᠥᠯᠥᠪᠯᠡᠭᠡ ᠳᠤ ᠣᠷᠣᠯᠴᠠᠭᠰᠠᠳ ᠢ 2700 ᠬᠥᠮᠥᠨ ᠡᠯᠰᠡᠵᠦ᠂ ᠨᠡᠶᠢᠭᠡᠮ ᠲᠣᠭᠤᠷᠢᠭ ᠤᠨ

ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠳᠤ ᠣᠷᠣᠯᠴᠠᠭᠰᠠᠳ ᠢ 5000

ᠬᠥᠮᠥᠨ ᠡᠯᠰᠡᠬᠦ ᠪᠠᠷ ᠲᠥᠯᠥᠪᠯᠡᠵᠦ ᠪᠣᠶ᠃

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ

ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠨ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠢ ᠨᠠᠩ

ᠲᠣᠪᠣᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ

ᠣᠯᠵᠤ ᠦᠢᠯᠡᠰ ᠪᠣᠰᠬᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠦᠨ᠂ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠠᠷᠭ᠎ᠠ ᠵᠠᠮ ᠢ ᠦᠷᠭᠦᠯᠵᠢᠯᠡᠨ ᠠᠭᠤᠳᠠᠯᠵᠤ ᠥᠷᠭᠡᠳᠬᠡᠨ᠂

ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯ ᠣᠯᠭᠤᠬᠤ ᠦᠢᠯᠡᠳᠦᠯ ᠢ ᠨᠠᠩ ᠰᠠᠶᠢᠲᠤᠷ

ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠲᠣᠭᠲᠠᠭᠤᠨ ᠢᠶᠠᠷ ᠠᠵᠢᠯ

ᠣᠯᠬᠤ ᠶᠢ ᠦᠨᠡᠨ ᠬᠦ ᠪᠠᠲᠤᠯᠠᠬᠤ ᠪᠣᠯᠣᠨ᠎ᠠ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号