ᠥᠩᠭᠡᠷᠡᠬᠦ ᠵᠢᠯ ᠮᠠᠨ ᠤ ᠠᠶᠢᠮᠠᠭ 465 ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠪᠠ
ᠨᠡᠶᠢᠲᠡᠯᠡᠭᠰᠡᠨ ᠴᠠᠭ᠄
2024/8/22

    ᠣᠶᠢᠷ᠎ᠠ ᠶᠢᠨ ᠵᠢᠯ ᠳᠤ᠂ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠲᠤ ᠠᠵᠢᠯ

ᠣᠯᠭᠤᠬᠤ ᠠᠷᠭ᠎ᠠ ᠵᠠᠮ ᠢ ᠢᠳᠡᠪᠬᠢᠲᠡᠢ  ᠥᠷᠭᠡᠳᠬᠡᠵᠦ᠂ ᠠᠵᠤ ᠦᠢᠯᠡᠰ ᠤᠨ ᠦᠢᠯᠡᠳᠦᠯ᠂ ᠭᠥᠯᠢᠶᠡᠨ ᠠᠪᠴᠤ ᠠᠵᠢᠯ

ᠣᠯᠭᠤᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ᠂ ᠣᠨᠴᠠᠯᠢᠭᠲᠤ ᠨᠠᠷᠠᠲᠤ ᠲᠡᠮᠳᠡᠭ ᠢ ᠡᠭᠦᠳᠬᠦ ᠵᠡᠷᠭᠡ

ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠤᠨ ᠭᠦᠢᠴᠡᠳ ᠠᠵᠢᠯ ᠣᠯᠬᠤ ᠶᠢ ᠠᠬᠢᠭᠤᠯᠪᠠ᠃ ᠥᠩᠭᠡᠷᠡᠬᠦ ᠵᠢᠯ᠂

ᠪᠥᠬᠦ ᠠᠶᠢᠮᠠᠭ ᠤᠨ ᠬᠢᠨ 465  ᠵᠡᠮᠳᠡᠭᠴᠦᠳ ᠲᠤ ᠰᠢᠨ᠎ᠡ ᠪᠠᠷ  ᠠᠵᠢᠯ  ᠣᠯᠭᠤᠵᠤ᠂ ᠡᠭᠦᠷᠭᠡ ᠪᠠᠨ

ᠪᠡᠶᠡᠯᠡᠭᠦᠯᠦᠭᠰᠡᠨ ᠨᠣᠷᠮ᠎ᠠ 125.07%᠎ ᠳᠤ ᠬᠥᠷᠪᠡ᠃

    ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠠᠪᠠᠭ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂

ᠵᠡᠭᠦᠨ ᠦᠵᠦᠮᠦᠴᠢᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠨᠠᠶᠢᠳᠠᠨ ᠮᠠᠯᠵᠢᠭᠤᠯᠵᠤ ᠨᠠᠶᠢᠳᠠᠨ

ᠬᠠᠮᠢᠶᠠᠷᠤᠭᠤᠯᠬᠤ 4 ᠲᠥᠷᠥᠯ ᠵᠦᠢᠯ ᠢ ᠲᠤᠷᠰᠢᠨ ᠥᠷᠨᠢᠭᠦᠯᠵᠦ᠂ ᠲᠤᠬᠠᠢ ᠶᠢᠨ ᠭᠠᠵᠠᠷ ᠤᠨ ᠳᠠᠭᠠᠭᠤᠯᠤᠭᠴᠢ ᠠᠵᠤ

ᠠᠬᠤᠶᠢᠯᠠᠯ᠂ ᠲᠡᠵᠢᠭᠡᠨ ᠦᠷᠡᠵᠢᠭᠦᠯᠬᠦ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠶ ᠠᠴᠠ ᠵᠡᠮᠳᠡᠭᠴᠦᠳ ᠲᠠᠢ

ᠮᠠᠯ ᠤᠨᠤᠭ᠎ᠠ ᠶᠢ ᠨᠠᠶᠢᠳᠠᠨ ᠮᠠᠯᠵᠢᠭᠤᠯᠵᠤ ᠨᠠᠶᠢᠳᠠᠨ ᠬᠠᠮᠢᠶᠠᠷᠤᠭᠤᠯᠬᠤ ᠵᠥᠪᠳᠡᠯᠴᠡᠭᠡᠷ ᠲᠣᠭᠲᠠᠵᠤ᠂ ᠵᠢᠯ ᠤᠨ

ᠡᠴᠦᠰ ᠲᠤ ᠣᠷᠣᠭᠤᠯᠤᠭᠰᠠᠨ ᠦᠢᠯᠡᠳᠪᠦᠷᠢᠯᠡᠯ ᠤᠨ ᠬᠡᠷᠡᠭᠰᠡᠯ ᠤᠨ ᠡᠬᠡ ᠮᠥᠩᠭᠦ ᠶᠢᠨ 20% -25%᠎ ᠪᠠᠷ ᠠᠰᠢᠭ

ᠬᠤᠪᠢᠶᠠᠷᠢᠯᠠᠬᠤ ᠠᠷᠭ᠎ᠠ ᠬᠡᠯᠪᠡᠷᠢ ᠶᠢ ᠠᠪᠴᠤ᠂ ᠨᠡᠶᠢᠲᠡ 55 ᠵᠡᠮᠳᠡᠭ ᠬᠥᠮᠥᠨ ᠨᠠᠶᠢᠳᠠᠨ ᠮᠠᠯᠵᠢᠭᠤᠯᠵᠤ ᠨᠠᠶᠢᠳᠠᠨ

ᠬᠠᠮᠢᠶᠠᠷᠤᠭᠤᠯᠬᠤ ᠵᠥᠪᠳᠡᠯᠴᠡᠭᠡᠷ ᠲᠣᠭᠲᠠᠵᠤ᠂ ᠵᠢᠯ ᠳᠤ ᠬᠥᠮᠥᠨ ᠳᠤᠮᠳᠠᠴᠢ ᠶᠢᠨ ᠣᠷᠣᠯᠭ᠎ᠠ ᠪᠠᠨ 3000 ᠭᠠᠷᠤᠢ

ᠲᠥᠭᠦᠷᠢᠭ ᠨᠡᠮᠡᠭᠳᠡᠭᠦᠯᠵᠡᠢ᠃ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠰᠠ ᠲᠠᠶᠢᠹᠤᠰᠧ ᠬᠤᠰᠢᠭᠤ᠂

ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ ᠭᠠᠵᠠᠷ ᠲᠠᠢ ᠲᠤᠷᠰᠢᠨ ᠬᠠᠮᠲᠤᠷᠠᠯᠴᠠᠵᠤ᠂ 35 ᠵᠡᠮᠳᠡᠭᠴᠦᠳ ᠤᠨ

ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠬᠥᠭᠵᠢᠭᠦᠯᠬᠦ ᠶᠢ ᠳᠡᠮᠵᠢᠵᠦ᠂ ᠵᠢᠯ ᠳᠤ ᠬᠥᠮᠥᠨ ᠳᠤᠮᠳᠠᠴᠢ ᠶᠢᠨ

ᠤᠷᠤᠯᠭ᠎ᠠ ᠶᠢ 6000 ᠭᠠᠷᠤᠢ ᠲᠥᠭᠦᠷᠢᠭ ᠨᠡᠮᠡᠭᠳᠡᠭᠦᠯᠵᠡᠢ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠢᠨ

ᠵᠡᠮᠳᠡᠭᠴᠦᠳ ᠢ ᠲᠤᠰᠠᠯᠠᠬᠤ ᠲᠥᠷᠥᠯ ᠵᠦᠢᠯ ᠳᠤ ᠨᠡᠶᠢᠲᠡ 298 ᠲᠦᠮᠡᠨ ᠲᠥᠭᠦᠷᠢᠭ ᠤᠨ ᠪᠡᠯᠡ ᠮᠥᠩᠭᠦ

ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ 81 ᠵᠡᠮᠳᠡᠭᠴᠦᠳ ᠲᠤ ᠠᠵᠢᠯ ᠣᠯᠭᠤᠵᠤ᠂ ᠠᠵᠤ ᠦᠢᠯᠡᠰ ᠢᠶᠠᠷ

ᠳᠠᠮᠵᠢᠨ 122 ᠵᠡᠮᠳᠡᠭᠴᠦᠳ ᠲᠤ ᠲᠤᠰᠠᠯᠠᠮᠵᠢ ᠦᠵᠡᠭᠦᠯᠵᠡᠢ᠃

    ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ

ᠲᠦᠷᠦᠭᠦᠯᠡᠨ ᠵᠡᠮᠳᠡᠭᠴᠦᠳ ᠲᠤ ᠠᠵᠢᠯ ᠣᠯᠭᠤᠬᠤ᠂ ᠬᠤᠲᠠ ᠪᠠᠯᠭᠠᠰᠤᠨ ᠤ ᠵᠡᠮᠳᠡᠭᠴᠦᠳ ᠲᠤ ᠳᠡᠮᠵᠢᠯᠭᠡ ᠶᠢᠨ

ᠴᠢᠨᠠᠷᠲᠠᠢ ᠠᠵᠢᠯ ᠣᠯᠭᠤᠬᠤ ᠲᠠᠯᠠᠪᠤᠷ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂

ᠵᠡᠮᠳᠡᠭᠴᠦᠳ ᠲᠤ ᠠᠵᠢᠯ ᠤᠨ ᠪᠠᠶᠢᠷᠢ ᠬᠠᠩᠭᠠᠪᠠ᠃ ᠣᠳᠣᠬᠠᠨ ᠪᠣᠯᠲᠠᠯ᠎ᠠ᠂ ᠪᠦᠬᠦ ᠠᠶᠢᠮᠠᠭ ᠤᠨ 93 ᠠᠯᠪᠠᠨ

ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ

319 ᠵᠡᠮᠳᠡᠭᠴᠦᠳ ᠲᠤ ᠠᠵᠢᠯ ᠣᠯᠭᠤᠵᠤ᠂ 131 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠠᠶᠢᠴᠢᠯᠠᠨ

298 ᠵᠡᠮᠳᠡᠭᠴᠦᠳ ᠲᠤ ᠠᠵᠢᠯ ᠣᠯᠭᠤᠵᠠᠢ᠂ ᠡᠭᠦᠨ ᠠᠴᠠ ᠭᠠᠳᠠᠨ᠎ᠠ᠂ 270 ᠲᠦᠮᠡᠨ ᠲᠥᠭᠦᠷᠢᠭ ᠤᠨ ᠪᠡᠯᠡ ᠮᠥᠩᠭᠦ

ᠣᠷᠣᠭᠤᠯᠵᠤ ᠬᠤᠳᠠ ᠪᠠᠯᠭᠠᠰᠤᠨ ᠤ ᠵᠡᠮᠳᠡᠭᠴᠦᠳ ᠤᠨ ᠳᠡᠮᠵᠢᠯᠭᠡ ᠶᠢᠨ ᠴᠢᠨᠠᠷᠲᠠᠢ ᠠᠵᠢᠯ ᠣᠯᠭᠤᠯᠲᠠ ᠶᠢᠨ ᠲᠠᠯᠠᠪᠤᠷ

ᠭᠠᠵᠠᠷ 10᠎ ᠶᠢ ᠪᠠᠶᠢᠭᠤᠯᠵᠤ᠂ ᠨᠡᠶᠢᠳᠡ 147 ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠵᠠᠢ᠃

    ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠨᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ

ᠰᠤᠷᠭᠠᠭᠤᠯᠢ ᠲᠠᠢ ᠬᠠᠮᠲᠤᠷᠠᠨ ᠵᠡᠮᠳᠡᠭ ᠣᠶᠤᠲᠠᠳ ᠲᠤ ᠠᠵᠢᠯ ᠣᠯᠭᠤᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ

ᠭᠠᠵᠠᠷ ᠢ ᠪᠠᠶᠢᠭᠤᠯᠵᠤ᠂ ᠰᠢᠯᠢ ᠶᠢᠨ ᠭᠤᠣᠯ ᠠᠶᠢᠮᠠᠭ ᠤᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂

ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡ ᠡᠳ᠋ᠰᠢᠭᠦᠯᠬᠦ ᠬᠦᠷᠢᠶᠡᠯᠡᠩ ᠲᠣᠭᠤᠷᠢᠭ ᠵᠡᠷᠭᠡ ᠭᠤᠷᠪᠠᠳᠠᠭᠢ

ᠡᠲᠡᠭᠡᠳ ᠲᠠᠢ ᠬᠠᠮᠲᠤᠷᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠳᠠᠳᠤᠯᠭ᠎ᠠ ᠪᠣᠯᠪᠠᠰᠤᠷᠠᠯ ᠤᠨ ᠰᠠᠭᠤᠷᠢᠨ

ᠭᠠᠵᠠᠷ ᠢ ᠬᠠᠮᠲᠤᠪᠠᠷ ᠪᠠᠶᠢᠭᠤᠯᠵᠤ᠂ ᠪᠣᠯᠪᠠᠰᠤᠷᠠᠯ ᠳᠤ ᠤᠷᠤᠯᠴᠠᠬᠰᠠᠨ ᠨᠣᠷᠮ᠎ᠠ 100%᠎ ᠳᠤ ᠬᠦᠷᠪᠡ᠃ ᠡᠭᠦᠨ ᠠᠴᠠ

ᠭᠠᠳᠠᠨ᠎ᠠ᠂ ᠠᠶᠢᠮᠠᠭ ᠤᠨ ᠵᠡᠮᠳᠡᠭᠴᠦᠳ ᠲᠤ ᠠᠵᠢᠯ ᠣᠯᠭᠤᠵᠤ ᠦᠢᠯᠡᠰ ᠪᠣᠰᠬᠠᠬᠤ ᠬᠥᠪᠥᠷᠡᠭᠦᠯᠬᠦ ᠬᠦᠷᠢᠶᠡᠯᠡᠩ

ᠲᠣᠭᠤᠷᠢᠭ ᠢᠶᠠᠷ ᠲᠦᠰᠢᠭ ᠪᠣᠯᠭᠠᠵᠤ᠂ ᠵᠡᠮᠳᠡᠭ ᠦᠢᠯᠡᠰ ᠪᠣᠰᠬᠠᠭᠴᠢ ᠠᠴᠠ ᠲᠣᠭᠲᠠᠭᠰᠠᠨ ᠬᠤᠭᠤᠴᠠᠭᠠᠨ ᠳᠤ ᠭᠡᠷ ᠤᠨ

ᠲᠦᠷᠢᠶᠡᠰᠦ ᠠᠪᠬᠤ ᠦᠭᠡᠢ ᠮᠥᠷᠲᠡᠭᠡᠨ ᠦᠢᠯᠡᠰ ᠪᠣᠰᠬᠠᠬᠤ ᠨᠥᠬᠦᠪᠦᠷᠢ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ

ᠬᠠᠩᠭᠠᠵᠤ᠂ ᠨᠢᠳᠤᠨᠤᠨ ᠨᠡᠶᠢᠲᠡ 19 ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠵᠠᠢ᠃

 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号