ᠮᠠᠨ ᠤ ᠠᠶᠢᠮᠠᠭ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠤᠷᠤᠭᠰᠢᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/8/22

    ᠮᠠᠨ ᠤ ᠠᠶᠢᠮᠠᠭ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠨᠠᠶᠢᠳᠠᠪᠤᠷᠢᠵᠢᠭᠤᠯᠬᠤ ᠭᠤᠣᠯ

ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ

ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ︽ᠲᠡᠷᠢᠭᠦᠨ  

ᠴᠢᠬᠤᠯᠠ ᠢᠨᠵᠧᠨᠧᠷᠢᠩ︾ ᠪᠠ ︽ᠨᠢᠭᠡᠳᠦᠭᠡᠷ ᠬᠠᠷᠢᠭᠤᠴᠠᠯᠭᠠᠲᠠᠨ ᠤ ᠢᠨᠵᠧᠨᠧᠷᠢᠩ︾ ᠪᠣᠯᠭᠠᠨ ᠦᠷ᠎ᠡ ᠪᠦᠳᠦᠮᠵᠢᠳᠠᠢ

ᠠᠬᠢᠭᠤᠯᠪᠠ᠃

    ᠤᠯᠤᠰ ᠤᠨ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ

ᠲᠥᠯᠦᠪᠵᠢᠭᠦᠯᠭᠡ ᠶᠣᠰᠣᠭᠠᠷ᠂ 2030 ᠣᠨ ᠪᠣᠯᠬᠤ ᠳᠤ ᠮᠠᠨ ᠤ ᠠᠶᠢᠮᠠᠭ ᠤᠨ ᠵᠠᠰᠠᠯᠲᠠ ᠶᠢᠨ ᠶᠡᠷᠦᠩᠬᠡᠢ ᠡᠭᠦᠷᠭᠡ

3710 ᠲᠦᠮᠡᠨ ᠮᠦ ᠭᠦᠷᠦᠨ᠎ᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ

ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠮᠠᠨ ᠤ ᠠᠶᠢᠮᠠᠭ ︽ᠰᠢᠯᠢ ᠶᠢᠨ ᠭᠤᠣᠯ ᠠᠶᠢᠮᠠᠭ ᠤᠨ ᠬᠤᠯᠠᠨ

ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ

ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ

︵2024 — 2030 ᠣᠨ︶︾ ᠵᠢᠴᠢ 2024 ᠣᠨ ᠤ ᠬᠡᠷᠡᠭᠵᠢᠭᠦᠯᠬᠦ ᠲᠥᠰᠥᠯ ᠢ ᠲᠣᠭᠲᠠᠭᠠᠪᠠ᠃ ᠨᠢᠭᠡ

ᠴᠣᠭᠴᠠᠵᠢᠭᠤᠯᠤᠨ ᠵᠠᠰᠠᠬᠤ ᠪᠠᠷᠢᠮᠵᠢᠶ᠎ᠠ ᠶᠣᠰᠣᠭᠠᠷ᠂ 2030 ᠣᠨ ᠪᠣᠯᠬᠤ ᠳᠤ 142.8 ᠲᠦᠮᠡᠨ ᠮᠦ ᠡᠯᠡᠰᠦᠷᠬᠡᠭ

ᠭᠠᠵᠠᠷ ᠢ ᠵᠠᠰᠠᠵᠤ᠂ ᠡᠭᠦᠨ ᠳᠤ 2024 ᠣᠨ ᠳᠤ 43.6 ᠲᠦᠮᠡᠨ ᠮᠦ ᠡᠯᠡᠰᠦᠷᠬᠡᠭ ᠭᠠᠵᠠᠷ ᠢ ᠵᠠᠰᠠᠨ᠎ᠠ︔

2024-2030 ᠣᠨ ᠤ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 890 ᠲᠦᠮᠡᠨ

ᠺᠢᠯᠣᠸᠠᠲ ᠭᠦ᠋ᠷᠭᠡᠵᠦ᠂ ᠡᠭᠦᠨ ᠳᠤ 2024 ᠣᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 270 ᠲᠦᠮᠡᠨ

ᠺᠢᠯᠣᠸᠠᠲ ᠬᠦᠷᠭᠡᠨ᠎ᠡ᠃ ᠡᠭᠦᠨ ᠠᠴᠠ ᠭᠠᠳᠠᠨ᠎ᠠ᠂ ᠬᠡᠷᠡᠯᠴᠢ ᠴᠡᠨᠡᠭ ᠤᠨ ᠲᠥᠷᠥᠯ ᠵᠦᠢᠯ ᠢ ᠬᠤᠯᠠᠨ ᠰᠢᠷᠭ᠎ᠠ

ᠳᠠᠭ᠎ᠠ ᠶᠢᠨ ᠡᠯᠡᠰᠦᠷᠬᠡᠭ ᠭᠠᠵᠠᠷ ᠵᠢᠴᠢ ︽ᠲᠠᠪᠤᠨ ᠣᠷᠣᠨ ᠬᠤᠶᠠᠷ ᠪᠦᠰᠡ︾᠎ ᠶᠢᠨ ᠬᠡᠪᠴᠢᠶᠡᠨ ᠳᠤ ᠭᠤᠣᠯᠳᠠᠯᠭ᠎ᠠ ᠲᠠᠢ

ᠪᠠᠶᠢᠷᠢᠰᠢᠭᠤᠯᠤᠨ᠎ᠠ᠃ ᠣᠳᠣᠬᠠᠨ ᠳᠤ᠂ ᠵᠡᠭᠦᠨ ᠬᠡᠰᠡᠭ ᠤᠨ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠢ

ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ 16.1 ᠲᠦᠮᠡᠨ ᠮᠦ ᠪᠡᠶᠡᠯᠡᠭᠦᠯᠬᠦ ᠶᠢᠨ ᠬᠠᠮᠲᠤ 2024 ᠣᠨ ᠳᠤ

ᠬᠡᠷᠡᠭᠵᠢᠭᠦᠯᠬᠦ ᠪᠠᠷ ᠪᠠᠶᠢᠭ᠎ᠠ ᠰᠢᠨ᠎ᠡ ᠡᠨᠧᠷᠭᠢ ᠶᠢᠨ ᠲᠥᠷᠥᠯ ᠵᠦᠢᠯ ᠢ ᠨᠢᠭᠡᠨᠲᠡ ᠪᠦᠬᠦᠨ ᠢ ᠨᠠᠷᠢᠨ ᠪᠠᠶᠢᠴᠠᠭᠠᠵᠤ

ᠳᠠᠭᠤᠰᠬᠠᠪᠠ᠂ ᠡᠨᠡ ᠨᠢ 9 ᠬᠤᠰᠢᠭᠤ ᠰᠢᠶᠠᠨ ᠳᠤ ᠬᠤᠯᠪᠣᠭᠳᠠᠵᠤ᠂ ᠶᠡᠷᠦᠩᠬᠡᠢ ᠲᠠᠯᠠᠪᠠᠶ ᠨᠢ 100 ᠲᠦᠮᠡᠨ ᠮᠦ

ᠪᠣᠯᠣᠨ᠎ᠠ᠃

    ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ

ᠪᠠᠶᠢᠴᠠᠭᠠᠬᠤ ᠳᠠᠭᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ

ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︽

ᠤᠯᠤᠰ ᠤᠨ ᠶᠡᠭᠡ ᠶᠠᠪᠤᠳᠠᠯ︾ ᠮᠥᠨ ᠭᠡᠵᠦ ᠵᠢᠭᠠᠵᠤ ᠭᠠᠷᠭᠠᠪᠠ᠃ ᠲᠣᠰ ᠵᠢᠯ ᠤᠨ 10 ᠰᠠᠷ᠎ᠠ ᠳᠤ᠂ ᠲᠥᠷᠥ ᠶᠢᠨ

ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠎ ᠢ

ᠳᠠᠷᠤᠮᠠᠯᠯᠠᠨ ᠲᠠᠷᠬᠠᠭᠠᠵᠤ᠂ ︽ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠴᠦᠯᠯᠡᠷᠭᠡᠭᠵᠢᠯ ᠢ ᠰᠡᠷᠭᠡᠶᠢᠯᠡᠨ

ᠵᠠᠰᠠᠬᠤ ᠭᠤᠣᠯ ᠡᠭᠦᠷᠭᠡ ᠪᠣᠯᠭᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ

ᠭᠠᠵᠠᠷ ᠣᠷᠣᠨ ᠳᠤ ᠬᠦᠴᠦᠨ ᠢᠶᠠᠨ ᠲᠥᠪᠯᠡᠷᠡᠭᠦᠯᠦᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ

ᠥᠷᠨᠢᠭᠦᠯᠬᠦ ᠬᠡᠷᠡᠭᠲᠡᠢ︾ ᠭᠡᠵᠦ ᠳᠤᠷᠠᠳᠤᠨ ᠭᠠᠷᠭᠠᠪᠠ᠃

    ᠬᠡᠷᠬᠢᠨ ᠨᠣᠭᠤᠭᠠᠷᠠᠭᠤᠯᠤᠯᠲᠠ ᠶᠢ ᠠᠬᠢᠭᠤᠯᠵᠤ ᠡᠯᠡᠰᠦ ᠶᠢ ᠤᠬᠤᠷᠢᠭᠤᠯᠬᠤ ᠪᠤᠢ︖ ᠮᠠᠨ ᠤ ᠠᠶᠢᠮᠠᠭ ︽

ᠡᠯᠡᠰᠦᠨ ᠴᠦᠯ ᠭᠤᠪᠢ ᠴᠦᠯᠯᠡᠷᠭᠡᠭ ᠣᠷᠣᠨ︾᠎ ᠳᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯᠴᠢ

ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠪᠠᠶᠢᠷᠢᠯᠠᠭᠤᠯᠵᠤ᠂ ᠭᠠᠵᠠᠷ ᠰᠢᠷᠣᠢ᠂ ᠨᠡᠷᠡᠨ ᠤ ᠡᠨᠧᠷᠭᠢ᠂ ᠰᠠᠯᠬᠢᠨ

ᠡᠨᠧᠷᠭᠢ ᠵᠡᠷᠭᠡ ᠣᠯᠠᠨ ᠵᠦᠢᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ ᠳᠠᠬᠢᠯᠲᠠ

ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠪᠤᠢ᠃ ᠡᠭᠦᠨ ᠤ ᠬᠠᠮᠲᠤ᠂ ᠡᠯᠡᠰᠦᠷᠬᠡᠭᠵᠢᠯ ᠢ

ᠰᠡᠷᠭᠡᠶᠢᠯᠡᠵᠦ ᠡᠯᠡᠰᠦ ᠶᠢ ᠵᠠᠰᠠᠬᠤ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠲᠣᠭᠲᠠᠴᠠ ᠶᠢᠨ ᠰᠢᠨ᠎ᠡ ᠶᠢ

ᠡᠭᠦᠳᠴᠦ᠂ ᠰᠠᠯᠬᠢ ᠭᠡᠷᠡᠯ ᠤᠨ ᠲᠥᠷᠥᠯ ᠵᠦᠢᠯ ᠤᠨ ᠠᠰᠢᠭ ᠣᠷᠣᠯᠭ᠎ᠠ ᠶᠢ ᠵᠦᠢ ᠵᠣᠬᠢᠰᠲᠠᠢ ᠭᠠᠷᠭᠠᠨ ᠠᠪᠴᠤ

ᠡᠯᠡᠰᠦᠷᠬᠡᠭ ᠭᠠᠵᠠᠷ ᠢ ᠵᠠᠰᠠᠬᠤ ᠳᠤ ᠬᠡᠷᠡᠭᠯᠡᠨ᠂ ᠡᠯᠡᠰᠦᠷᠬᠡᠭ ᠭᠠᠵᠠᠷ ᠤᠨ ᠴᠢᠨᠠᠷ ᠰᠠᠶᠢᠲᠠᠢ ᠰᠠᠯᠬᠢ ᠭᠡᠷᠡᠯ ᠤᠨ ᠡᠬᠢ

ᠪᠠᠶᠠᠯᠢᠭ ᠢ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠡᠯᠡ ᠮᠥᠩᠭᠦ ᠪᠣᠯᠭᠠᠨ ᠬᠤᠪᠢᠷᠠᠭᠤᠯᠵᠤ᠂ ᠣᠯᠠᠨ ᠡᠰᠢᠵᠢᠭᠰᠡᠨ᠂

ᠨᠡᠶᠢᠭᠡᠮᠴᠢᠯᠡᠭᠰᠡᠨ ᠣᠷᠣᠭᠤᠯᠤᠯᠲᠠ ᠶᠢ ᠪᠡᠶᠡᠯᠡᠭᠦᠯᠵᠦ ᠪᠤᠢ᠃ ᠭᠠᠵᠠᠷ ᠲᠦᠷᠢᠶᠡᠰᠦᠯᠡᠨ ᠡᠯᠡᠰᠦ ᠶᠢ ᠵᠠᠰᠠᠬᠤ᠂ ᠭᠠᠵᠠᠷ

ᠰᠢᠷᠣᠢ ᠶᠢᠨ ᠨᠥᠬᠦᠪᠦᠷᠢ ᠥᠭᠬᠦ ᠵᠡᠷᠭᠡ ᠵᠠᠭᠪᠤᠷ ᠢ ᠬᠡᠷᠡᠭᠵᠢᠭᠦᠯᠦᠨ᠂ ᠮᠠᠯᠴᠢᠨ ᠲᠠᠷᠢᠶᠠᠴᠢᠨ ᠢ ᠡᠯᠡᠰᠦᠷᠬᠡᠭ ᠭᠠᠵᠠᠷ ᠠᠴᠠ

ᠰᠢᠯᠵᠢᠭᠦᠯᠦᠨ ᠭᠠᠷᠭᠠᠵᠤ᠂ ᠡᠯᠡᠰᠦᠷᠬᠡᠭ ᠭᠠᠵᠠᠷ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠭᠦᠯᠬᠦ᠂ ᠣᠷᠳᠣ

ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠦᠨᠳᠦᠰᠦᠨ ᠠᠴᠠ ᠨᠢ ᠪᠠᠲᠤᠯᠠᠵᠤ ᠪᠤᠢ᠃ ᠡᠭᠦᠨ ᠠᠴᠠ ᠭᠠᠳᠠᠨ᠎ᠠ᠂

ᠰᠠᠯᠬᠢᠨ ᠬᠦᠴᠦᠨ ᠤ ᠴᠠᠬᠢᠯᠭᠠᠨ᠂ ᠬᠡᠷᠡᠯᠴᠢ ᠴᠡᠨᠡᠭ᠂ ᠨᠥᠭᠡᠴᠡ  ᠡᠨᠧᠷᠭᠢ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ

ᠡᠨᠧᠷᠭᠢ ᠶᠢᠨ ᠲᠣᠨᠣᠭᠯᠠᠯ ᠦᠢᠯᠡᠳᠬᠡᠯ ᠪᠠ ︽ᠪᠣᠬᠢᠷᠲᠤᠯ ᠦᠭᠡᠢ ᠴᠠᠬᠢᠯᠭᠠᠨ + ᠴᠢᠨᠠᠷ ᠰᠠᠶᠢᠲᠠᠢ ᠡᠨᠧᠷᠭᠢ ᠶᠢᠨ

ᠠᠴᠢᠶ᠎ᠠ︾ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠠᠶᠢᠴᠢᠯᠠᠵᠦ᠂

ᠪᠣᠬᠢᠷᠲᠤᠯ ᠦᠭᠡᠢ ᠴᠠᠬᠢᠯᠭᠠᠨ ᠢ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ᠂ ᠠᠵᠤ

ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠭᠡᠯᠪᠡᠷᠢ ᠪᠠᠨ

ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃

 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号