ᠤᠯᠠᠭᠠᠢ ᠬᠠᠮᠢᠶᠠᠷᠤᠯᠲᠠ ᠶᠢᠨ ᠣᠷᠣᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 11 ᠳ᠋ᠦ᠋ᠭᠡᠷ ᠤᠳᠠᠭᠠᠨ ᠤ ᠬᠤᠷᠠᠯ ᠵᠢᠴᠢ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/22

    8 ᠰᠠᠷ᠎ᠠ ᠶᠢᠨ 21 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ

ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ

ᠴᠠᠩ ᠱᠧᠩ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 11

ᠳ᠋ᠦ᠋ᠭᠡᠷ ᠤᠳᠠᠭᠠᠨ ᠤ ᠬᠤᠷᠠᠯ ᠵᠢᠴᠢ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂

︽ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠤᠪᠢᠷᠠᠭᠤᠯᠬᠤ ᠶᠢ

ᠲᠦᠷᠭᠡᠳᠬᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ

ᠬᠤᠷᠢᠶ᠎ᠠ ᠶᠢᠨ ᠰᠠᠨᠠᠯ︾᠂ ︽ᠡᠷᠬᠡ ᠲᠡᠭᠰᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ︾ ᠢ ᠤᠯᠠᠮᠵᠢᠯᠠᠨ

ᠰᠤᠷᠤᠯᠴᠠᠵᠤ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠯᠴᠠᠬᠤ ᠥᠷᠲᠡᠭᠡ᠂

︽ᠤᠯᠠᠭᠠᠢ ᠬᠠᠮᠢᠶᠠᠷᠤᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠨ ᠨᠥᠭᠡᠴᠡᠯᠡᠬᠦ ᠲᠡᠵᠢᠭᠡᠯ ᠡᠪᠡᠰᠦ

ᠪᠣᠷᠳᠤᠭ᠎ᠠ ᠶᠢᠨ ᠬᠡᠷᠡᠭᠵᠢᠭᠦᠯᠬᠦ ᠲᠥᠰᠥᠯ︾ ᠵᠡᠷᠭᠡ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠬᠠᠮᠢᠶᠠᠷᠤᠯᠲᠠ ᠶᠢᠨ

ᠵᠥᠪᠯᠡᠯ ᠤᠨ ᠤᠳᠤᠷᠢᠳᠤᠯᠭ᠎ᠠ ᠷᠧᠨ ᠰᠢ ᠵᠢᠶᠦ᠋ᠨ᠂ ᠭᠤᠤ ᠲᠢᠶᠠᠨ ᠫᠧᠩ᠂ ᠵᠢᠶᠠ ᠹᠧᠩ ᠶᠢᠩ᠂ ᠸᠠᠩ ᠰᠢᠩ ᠺᠠᠢ

ᠬᠤᠷᠠᠯ ᠳᠤ ᠣᠷᠣᠯᠴᠠᠪᠠ᠃

    ᠬᠤᠷᠠᠯ ᠠᠴᠠ᠂ ᠡᠯ᠎ᠡ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠥᠴᠢᠷ ᠰᠢ ᠶᠢᠨ ᠫᠢᠩ ᠤᠨ ᠠᠮᠢ ᠠᠬᠤᠢ ᠶᠢᠨ

ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠪᠣᠬᠢᠷᠲᠤᠯ ᠦᠭᠡᠢ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠲᠤᠯ ᠢ ᠪᠠᠭᠠᠰᠬᠠᠵᠤ

ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ

ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ

ᠪᠣᠬᠢᠷᠲᠤᠯ  ᠦᠭᠡᠢ  ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ︽ᠡᠷᠬᠡ ᠲᠡᠭᠰᠢ

ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ

ᠬᠢᠨᠠᠮᠠᠭᠠᠢ ᠰᠠᠶᠢᠲᠤᠷ ᠠᠳᠬᠤᠵᠤ᠂ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ

ᠪᠠᠶᠢᠴᠠᠭᠠᠯᠲᠠ ᠶᠢᠨ ᠲᠤᠰᠬᠠᠢ ᠮᠡᠷᠭᠡᠵᠢᠯ ᠤᠨ ᠴᠢᠨᠠᠷ ᠢ ᠴᠢᠩᠭᠠᠳᠬᠠᠵᠤ᠂ ᠬᠠᠮᠢᠶᠠᠷᠤᠯᠲᠠ ᠶᠢᠨ ᠣᠷᠣᠨ ᠤ ᠬᠤᠳᠠᠯᠳᠤᠭ᠎ᠠ

ᠡᠷᠬᠢᠯᠡᠬᠦ ᠣᠷᠴᠢᠨ ᠨᠥᠬᠦᠴᠡᠯ ᠢ ᠴᠢᠨᠠᠭᠰᠢᠳᠠ  ᠰᠢᠯᠢᠳᠡᠭᠵᠢᠭᠦᠯᠬᠦ ᠳᠤ  ᠬᠦᠴᠦᠨ ᠨᠡᠮᠡᠷᠢᠯᠡᠬᠦ  ᠬᠡᠷᠡᠭᠲᠡᠢ᠃ ᠳᠤᠯᠠᠭᠠᠨ

ᠪᠦᠯᠢᠶᠡᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠶᠠᠰᠤ ᠴᠢᠨᠠᠷ᠂ ᠠᠮᠤᠷ

ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠮᠨᠡᠯᠭᠡ ᠶᠢᠨ ᠬᠤᠷᠢᠶᠠᠨ ᠤ

ᠢᠯᠴᠢ ᠰᠣᠯᠢᠬᠤ ᠦᠷᠳᠡᠭᠡ ᠶᠢᠨ ᠲᠦᠷᠦᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠳᠤ

ᠳᠤᠯᠠᠭᠠᠨ ᠲᠠᠭᠠᠯᠠᠮᠵᠢᠲᠠᠢ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃

   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号