ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠯᠠᠭᠠᠢ ᠬᠠᠮᠢᠶᠠᠷᠤᠯᠲᠠ ᠶᠢᠨ ᠣᠷᠣᠨ ᠳᠤ ᠭᠦᠨᠵᠡᠭᠡᠶᠢᠷᠡᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/22

    8 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ

ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ

ᠪᠥᠬᠦ ᠲᠠᠯ᠎ᠠ ᠪᠠᠷ ᠠᠬᠢᠭᠤᠯᠤᠶ᠎ᠠ - ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ

ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ

ᠪᠦᠯᠬᠦᠮ ᠤᠯᠠᠭᠠᠢ ᠬᠠᠮᠢᠶᠠᠷᠤᠯᠲᠠ ᠶᠢᠨ ᠣᠷᠣᠨ ᠳᠤ ᠭᠦᠨᠵᠡᠭᠡᠶᠢᠷᠡᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ

ᠠᠵᠢᠯᠯᠠᠭ᠎ᠠ ᠥᠷᠨᠢᠭᠦᠯᠪᠡ᠃ ᠬᠠᠮᠢᠶᠠᠷᠤᠯᠲᠠ ᠶᠢᠨ ᠲᠣᠭᠤᠷᠢᠭ ᠤᠨ ᠨᠠᠮ ᠵᠠᠰᠠᠭ ᠤᠨ ᠤᠳᠤᠷᠢᠳᠤᠯᠭ᠎ᠠ ᠴᠢᠶᠣᠤ ᠵᠢᠶᠠᠨ

ᠴᠢᠶᠠᠩ᠂ ᠴᠠᠩ ᠱᠧᠩ᠂ ᠭᠤᠤ ᠸᠧᠨ ᠪᠢᠩ᠂ ᠷᠧᠨ ᠰᠢ ᠵᠢᠶᠦ᠋ᠨ᠂ ᠭᠤᠤ ᠲᠢᠶᠠᠨ ᠫᠧᠩ᠂ ᠵᠢᠶᠠ ᠹᠧᠩ ᠶᠢᠩ᠂ ᠸᠠᠩ

ᠰᠢᠩ ᠺᠠᠢ᠂ ᠰᠢᠭᠦᠬᠦ ᠬᠤᠷᠢᠶᠠᠨ ᠤ ᠳᠠᠷᠤᠭ᠎ᠠ ᠵᠢᠩ ᠴᠤᠤ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭ᠎ᠠ ᠠᠪᠬᠤ

ᠠᠯᠪᠠᠨ ᠭᠡᠷ ᠤᠨ ᠡᠷᠬᠢᠯᠡᠭᠴᠢ ᠵᠠᠩ ᠫᠢᠩ ᠵᠢᠴᠢ ᠡᠯ᠎ᠡ ᠨᠢᠭᠡᠴᠡ ᠰᠠᠯᠠᠭ᠎ᠠ  ᠮᠥᠴᠢᠷ ᠤᠨ ᠭᠤᠣᠯ  ᠬᠠᠷᠢᠭᠤᠴᠠᠯᠭᠠᠲᠠᠨ  

ᠮᠡᠳᠡᠭᠦᠯᠦᠯᠲᠡ ᠶᠢ  ᠰᠣᠨᠣᠰᠪᠠ᠃ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠤᠬᠠᠭᠤᠯᠬᠤ

ᠬᠡᠯᠲᠡᠰ ᠤᠨ ᠳᠠᠷᠤᠭ᠎ᠠ ᠭᠤᠤ ᠸᠧᠨ ᠪᠢᠩ ᠠᠵᠢᠯᠯᠠᠭ᠎ᠠ ᠶᠢ ᠡᠷᠬᠢᠯᠡᠪᠡ᠃

    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠨᠡᠶᠢᠲᠡ 2 ᠬᠤᠷᠠᠯ ᠤᠨ ᠲᠠᠯᠠᠪᠠᠶ

ᠭᠠᠷᠭᠠᠵᠤ᠂ ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠰᠠᠷ ᠤᠨ ᠨᠠᠢᠮᠠᠳᠤᠭᠠᠷ ᠠᠰᠠᠷ ᠤᠨ ᠵᠡᠭᠦᠨ ᠬᠤᠷᠠᠯ ᠤᠨ

ᠭᠡᠷ ᠲᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠵᠦ᠂ ᠳᠠᠷᠠᠭ᠎ᠠ ᠨᠢ ᠪᠠᠶᠠᠨᠬᠤᠰᠢᠭᠤ ᠨᠡᠶᠢᠭᠡᠮ

ᠲᠣᠭᠤᠷᠢᠭ ᠲᠤ ᠰᠠᠨᠠᠯ ᠢᠶᠠᠨ ᠰᠣᠯᠢᠯᠴᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃

    ᠨᠠᠮ ᠵᠠᠰᠠᠭ ᠤᠨ ᠲᠣᠮᠣ ᠠᠰᠠᠷ ᠤᠨ ᠭᠤᠣᠯ ᠬᠤᠷᠠᠯ ᠤᠨ ᠲᠠᠯᠠᠪᠠᠶ ᠳᠤ᠂ ᠠᠶᠢᠮᠠᠭ ᠤᠨ ᠨᠠᠮ ᠤᠨ ᠬᠤᠷᠢᠶᠠᠨ ᠤ

ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠰᠢᠯᠢ ᠶᠢᠨ ᠭᠤᠣᠯ ᠠᠶᠢᠮᠠᠭ ᠤᠨ ᠲᠡᠦᠬᠡ ᠣᠶᠢᠯᠠᠯᠭ᠎ᠠ

ᠰᠤᠳᠤᠯᠬᠤ ᠲᠠᠰᠤᠭ ᠤᠨ ᠡᠷᠬᠢᠯᠡᠭᠴᠢ ᠯᠢ ᠵᠢᠶᠠᠨ ᠸᠧᠨ ︽ᠲᠣᠰ ᠤᠳᠠᠭᠠᠨ ᠤ ᠪᠥᠬᠦᠳᠡ ᠬᠤᠷᠠᠯ ᠪᠣᠯ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ

ᠪᠥᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠤᠨ

ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯ ᠮᠥᠨ︾ ᠭᠡᠬᠦ

ᠭᠤᠣᠯ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ︔ ᠥᠪᠡᠷᠲᠡᠭᠡᠨ ᠵᠠᠰᠠᠬᠤ ᠣᠷᠣᠨ ᠤ

ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ

ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠪᠡ︔ ᠠᠶᠢᠮᠠᠭ ᠤᠨ ᠨᠠᠮ ᠤᠨ ᠬᠤᠷᠢᠶᠠᠨ ᠤ 2024 ᠣᠨ ᠤ 2

ᠳ᠋ᠤᠭᠠᠷ ᠤᠳᠠᠭᠠᠨ ᠤ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠵᠡᠷᠭᠡ ᠲᠠᠪᠤᠨ ᠲᠠᠯ᠎ᠠ ᠪᠠᠷ ᠭᠦᠨᠵᠡᠭᠡᠢ

ᠲᠣᠳᠣᠷᠬᠠᠶᠢᠯᠠᠨ ᠥᠭᠦᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠭᠤᠣᠯ

ᠠᠭᠤᠯᠭ᠎ᠠ ᠪᠠ ᠴᠢᠬᠤᠯᠠ ᠶᠡᠭᠡ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ

ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ

ᠳᠡᠭᠡᠷ᠎ᠡ ᠦᠨᠡᠨᠬᠦ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠣᠯᠵᠤ᠂ ᠬᠠᠮᠢᠶᠠᠷᠤᠯᠲᠠ ᠶᠢᠨ ᠣᠷᠣᠨ ᠤ ᠠᠵᠤ

ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠮᠠᠰᠢ ᠴᠢᠩᠭ᠎ᠠ ᠪᠣᠳᠠᠲᠤ ᠠᠴᠢ ᠬᠤᠯᠪᠣᠭᠳᠠᠯ ᠲᠠᠢ ᠶᠤᠮ

ᠭᠡᠵᠦ ᠤᠷᠢᠶᠠᠯᠠᠪᠠ᠃

    ᠳᠠᠷᠠᠭ᠎ᠠ ᠨᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠠᠨᠬᠤᠰᠢᠭᠤ ᠨᠡᠶᠢᠭᠡᠮ ᠲᠣᠭᠤᠷᠢᠭ ᠲᠤ ᠬᠦᠷᠴᠦ᠂

ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠴᠡᠷᠢᠭ ᠠᠴᠠ ᠬᠠᠯᠠᠭᠳᠠᠭᠰᠠᠳ᠂ ᠨᠡᠶᠢᠭᠡᠮ ᠲᠣᠭᠤᠷᠢᠭ ᠤᠨ

ᠬᠤᠶᠠᠷ ᠵᠥᠪᠯᠡᠯ ᠤᠨ ᠪᠦᠷᠢᠯᠳᠦᠭᠦᠨ ᠲᠠᠢ ᠰᠠᠨᠠᠯ ᠢᠶᠠᠨ ᠰᠣᠯᠢᠯᠴᠠᠬᠤ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃

    ᠤᠯᠠᠨ ᠢᠶᠠᠷ ᠢᠶᠠᠨ᠂ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠭᠤᠣᠯ ᠰᠡᠳᠦᠪ ᠢᠯᠡ ᠲᠣᠳᠣ᠂

ᠠᠭᠤᠯᠭ᠎ᠠ ᠪᠠᠶᠠᠯᠢᠭ᠂ ᠦᠭᠡ ᠬᠡᠯᠡ ᠠᠮᠢᠳᠤᠯᠢᠭ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠤᠨᠤᠯ ᠤᠨ ᠴᠢᠨᠠᠷ᠂

ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ

ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠬᠤ ᠳᠤ ᠮᠠᠰᠢ ᠰᠠᠶᠢᠨ ᠤᠨᠤᠯ ᠤᠨ ᠵᠢᠯᠣᠭᠤᠳᠤᠯᠭ᠎ᠠ ᠬᠠᠩᠭᠠᠵᠠᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号